ᠪᠦᠬᠦ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ︽ᠤᠮᠠᠷᠠᠲᠤ ᠶᠢᠨ ᠵᠢᠱᠢᠶᠡᠴᠢ ᠪᠠᠶᠢᠭᠤᠯᠤᠯᠭ᠎ᠠ︾ ᠶᠢ  ᠪᠦᠳᠦᠬᠡᠨ ᠪᠠᠶᠢᠭᠤᠯᠬᠤ ᠵᠢᠴᠢ 2021 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ  ᠠᠷᠢᠭᠤᠨ ᠴᠢᠬᠡᠴᠢ ᠶᠢᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/22
        12 ᠰᠠᠷ᠎ᠠ ᠶᠢᠨ 20 ᠤ ᠡᠳᠦᠷ᠂ ᠪᠦᠬᠦ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ︽ᠤᠮᠠᠷᠠᠲᠤ ᠶᠢᠨ ᠵᠢᠱᠢᠶᠡᠴᠢ ᠪᠠᠶᠢᠭᠤᠯᠤᠯᠭ᠎ᠠ︾ ᠶᠢ  ᠪᠦᠳᠦᠬᠡᠨ ᠪᠠᠶᠢᠭᠤᠯᠬᠤ ᠵᠢᠴᠢ 2021 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ᠂ ᠠᠷᠢᠭᠤᠨ ᠴᠢᠬᠡᠴᠢ ᠶᠢᠨ ᠮᠡᠳᠡᠭᠦᠯᠦᠯᠲᠡ ᠶᠢ ᠦᠨᠡᠯᠡᠨ ᠶᠠᠷᠢᠯᠴᠠᠵᠤ ᠬᠢᠨᠠᠨ ᠰᠢᠯᠭᠠᠬᠤ ᠶᠡᠭᠡ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠾᠧᠦ ᠶᠠᠨ ᠮᠢᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠠᠩ ᠯᠢ ᠴᠧᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠢᠦᠶ ᠬᠤᠩ ᠯᠢ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠤᠯᠢ ᠬᠡᠷᠡᠭᠵᠢᠭᠦᠯᠬᠦ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ 5 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠣᠰ ᠨᠢᠭᠡᠴᠡ ᠶᠢᠨ ᠢᠶᠠᠨ 2021 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠠᠶᠢᠳᠠᠯ ᠤᠨ ᠲᠣᠭᠤᠷᠢᠨ ᠳᠤ ᠲᠤᠰᠢᠶᠠᠯ ᠤᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠬᠢᠵᠦ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠶᠢᠨ ᠰᠤᠳᠤᠯᠭᠠᠨ ᠤ ᠲᠠᠰᠤᠭ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠲᠠ ᠶᠢᠨ ᠬᠠᠮ ᠵᠠᠭᠤᠴᠢᠯᠠᠭᠤᠷ ᠤᠨ ᠲᠥᠪ ᠵᠡᠷᠭᠡ 5 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠤᠰᠢᠶᠠᠯ ᠤᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠶᠢᠨ ᠮᠠᠲ᠋ᠧᠷᠢᠶᠠᠯ ᠢᠶᠠᠨ ᠲᠤᠰᠢᠶᠠᠵᠠᠶ᠃ ᠾᠧᠦ ᠶᠠᠨ ᠮᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠨᠢᠭᠡᠳ ᠨᠢᠭᠡ ᠪᠠᠷ ᠦᠨᠡᠯᠡᠵᠦ᠂ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃        ᠬᠤᠷᠠᠯ ᠠᠴᠠ᠂ ᠰᠠᠭᠤᠷᠢ ᠶᠢ ᠪᠠᠲᠤᠳᠬᠠᠨ ᠰᠠᠭᠤᠷᠢ ᠶᠢ ᠪᠠᠬᠢᠵᠢᠭᠦᠯᠬᠦ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠦᠵᠡᠯ ᠰᠠᠨᠠᠭ᠎ᠠ ᠲᠠᠨᠢᠯᠲᠠ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠪᠦᠬᠦ ᠲᠠᠯ᠎ᠠ ᠪᠠᠷ ᠰᠢᠯᠭᠠᠷᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠳᠠ ᠶᠢᠨ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠡᠯ᠎ᠡ ᠨᠢᠭᠡᠴᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠣᠨᠴᠠᠯᠢᠭ ᠲᠠᠢ᠂ ᠬᠢᠯᠠᠰ ᠴᠡᠭ ᠲᠠᠢ᠂ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠪᠦᠬᠦ ᠲᠠᠯ᠎ᠠ ᠪᠠᠷ ᠰᠢᠯᠭᠠᠷᠠᠭᠤᠯᠬᠤ ᠶᠢ ᠪᠠᠲᠤᠯᠠᠬᠤ ᠬᠡᠷᠡᠭᠲᠡᠢ᠃ ᠨᠠᠮ ᠤᠨ ᠡᠭᠦᠷ ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠡᠭᠦᠷ ᠤᠨ ᠱᠦᠵᠢ ᠪᠠ ᠨᠠᠮ ᠤᠨ ᠠᠵᠢᠯ ᠤᠨ ᠲᠤᠰᠬᠠᠶ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠺᠠᠳ᠋ᠷ ᠢ ᠰᠢᠯᠢᠳᠡᠭ ᠢ ᠨᠢ ᠰᠣᠩᠭᠤᠨ ᠲᠣᠬᠢᠷᠠᠭᠤᠯᠵᠤ᠂ ᠨᠠᠮ ᠤᠨ ᠡᠭᠦᠷ ᠨᠢᠭᠡᠪᠦᠷᠢ ᠶᠢ ᠴᠥᠮ  ᠨᠢᠭᠡᠴᠡ ᠶᠢᠨ ᠲᠤᠬᠠᠶᠢᠯᠠᠭᠰᠠᠨ ᠠᠵᠢᠯ ᠢ ᠲᠦᠯᠬᠢᠨ ᠠᠬᠢᠭᠤᠯᠬᠤ ᠲᠠᠶᠢᠴᠢᠨ ᠪᠠᠬᠢᠯᠡᠯᠲᠡ ᠪᠣᠯᠭᠠᠨ᠎ᠠ᠃ ︽ᠤᠯᠤᠰ ᠤᠨ ᠡᠭᠦᠳᠡᠨ ᠤ ᠨᠠᠮ ᠤᠨ ᠪᠠᠶᠢᠭᠤᠯᠤᠯᠲᠠ︾ ᠶᠢᠨ ᠤᠨᠴᠠᠯᠢᠬᠳᠤ ᠲᠦᠷᠦᠯ ᠲᠡᠮᠳᠡᠭ ᠢ ᠬᠦᠴᠦᠯᠡᠨ ᠪᠤᠶᠢᠵᠢᠭᠤᠯᠵᠤ᠂ ᠦᠨᠳᠦᠰᠦᠨ ᠱᠠᠳᠤ ᠶᠢ ᠶᠡᠬᠡᠪᠡᠷ ᠠᠳᠬᠤᠬᠤ᠂ ᠨᠠᠮ ᠤᠨ ᠡᠭᠦᠷ ᠢ ᠶᠡᠬᠡᠪᠡᠷ ᠠᠳᠬᠤᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠂ ᠪᠦᠬᠦ ᠲᠠᠯ᠎ᠠ ᠪᠠᠷ ᠰᠢᠯᠭᠠᠷᠠᠭᠤᠯᠬᠤ ᠶᠢ ᠠᠬᠢᠭᠤᠯᠬᠤ ᠬᠡᠷᠡᠭᠲᠡᠢ᠃ ᠤᠯᠠᠨ ᠲᠦᠮᠡᠨ ᠳᠤ ᠦᠢᠯᠡᠴᠢᠯᠡᠬᠦ ᠶᠢᠨ ᠲᠣᠭᠤᠷᠢᠨ ᠳᠤ ᠠᠵᠢᠯ ᠢᠶᠠᠨ ᠥᠷᠨᠢᠭᠦᠯᠵᠦ᠂ ᠬᠤᠳᠠ ᠶᠢᠨ ᠨᠠᠮ ᠤᠨ  ᠬᠤᠷᠢᠶ᠎ᠠ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠢ ᠵᠡᠷᠭᠡᠪᠡᠷ ᠠᠳᠬᠤᠵᠤ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠥᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠡᠭᠡᠷ᠎ᠡ ᠨᠡᠩ ᠢᠯᠡᠭᠦᠦ ᠢᠯᠡᠷᠡᠭᠦᠯᠬᠦ ᠬᠡᠷᠡᠭᠲᠡᠢ᠃ ︽ᠬᠠᠮᠤᠭ ᠤᠨ ᠬᠦᠴᠦᠷᠬᠡᠭ ᠨᠠᠮ ᠤᠨ ᠡᠭᠦᠷ︾ ᠪᠣᠯᠤᠨ ︽ᠨᠠᠮ ᠤᠨ ᠲᠥᠪ  ᠬᠤᠷᠢᠶ᠎ᠠ ᠶᠢ ᠰᠠᠨᠠᠭ᠎ᠠ ᠠᠮᠤᠷ ᠪᠠᠶᠢᠯᠭᠠᠵᠤ᠂ ᠠᠷᠠᠳ ᠤᠯᠠᠨ ᠢ ᠬᠠᠨᠤᠮᠵᠢᠲᠠᠢ ᠪᠠᠶᠢᠯᠭᠠᠬᠤ︾ ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠤᠯᠭ᠎ᠠ ᠶᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠪᠠᠶᠢᠭᠤᠯᠭ᠎ᠠ ᠬᠢᠭᠡᠳ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠮᠠᠯᠵᠢᠬᠤ ᠣᠷᠣᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠬᠠᠮᠲᠤ ᠪᠠᠷ ᠪᠠᠶᠢᠭᠤᠯᠵᠤ ᠬᠠᠷᠢᠯᠴᠠᠨ ᠠᠬᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠨᠠᠮ ᠤᠨ ᠪᠠᠶᠢᠭᠤᠯᠤᠯᠲᠠ ᠪᠠᠷ ᠬᠤᠲᠠ ᠬᠥᠳᠡᠭᠡ ᠶᠢᠨ ᠵᠠᠰᠠᠯᠲᠠ ᠪᠠ ᠠᠵᠤ ᠠᠬᠤᠶᠢᠯᠠᠯ ᠤᠨ ᠬᠥᠭᠵᠢᠯᠲᠡ ᠶᠢ ᠬᠥᠲᠥᠯᠦᠨ ᠳᠠᠭᠠᠭᠤᠯᠬᠤ ᠬᠡᠷᠡᠭᠲᠡᠶ᠃ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠶᠢ ᠴᠢᠩᠭ᠎ᠠ ᠰᠠᠬᠢᠬᠤ ᠶᠢ ᠪᠠᠷᠢᠮᠲᠠᠯᠠᠵᠤ᠂ ᠪᠠᠶᠢᠭᠤᠯᠤᠯᠭ᠎ᠠ ᠶᠢᠨ ᠨᠠᠮ ᠢ ᠴᠢᠩᠭ᠎ᠠ ᠵᠠᠰᠠᠬᠤ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠰᠢᠯᠭᠠᠷᠠᠬᠤ ᠶᠢ ᠠᠬᠢᠭᠤᠯᠬᠤ ᠬᠡᠷᠡᠭᠲᠡᠢ᠃ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠬᠦ ᠦᠭᠡᠢ᠂ ᠠᠵᠢᠯ ᠬᠢᠬᠦ ᠳᠡᠭᠡᠨ ᠤᠳᠠᠭᠠᠨ ᠪᠠᠶᠢᠬᠤ᠂ ᠬᠠᠭᠤᠷᠮᠠᠭ ᠠᠵᠢᠯ ᠬᠢᠬᠦ᠂ ᠳᠤᠷ᠎ᠠ ᠪᠠᠷ ᠢᠶᠠᠨ ᠠᠵᠢᠯ ᠬᠢᠬᠦ ᠵᠡᠷᠭᠡ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃      
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号