ᠯᠦ ᠪᠦᠦ ᠳ᠋ᠦᠩ ᠵᠠᠰᠠᠮᠠᠯ ᠵᠠᠮ ᠤᠨ ᠪᠣᠭᠤᠮᠲᠠ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2021/12/29
     12 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠳᠤᠭᠤᠶᠢᠯᠠᠩ ᠳᠠᠭᠠᠭᠤᠯᠤᠨ ᠵᠠᠰᠠᠮᠠᠯ ᠵᠠᠮ ᠤᠨ ᠪᠣᠭᠤᠮᠲᠠ ᠳᠤ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃
  ᠯᠦ ᠪᠦᠦ ᠳ᠋ᠦᠩ ᠨᠡᠷ ᠤᠷᠢᠳ ᠬᠤᠵᠢᠳ ᠾᠦᠢ ᠲᠦᠩ᠂ ᠬᠤᠤ ᠭᠠᠩ᠂ ᠬᠤᠸᠠᠨ ᠢᠦᠢ ᠪᠠᠷᠠᠭᠠᠨ ᠤ ᠭᠦᠢᠯᠭᠡᠭᠡᠨ ᠤ ᠲᠣᠭᠤᠷᠢᠭ ᠢᠶᠠᠷ ᠭᠦᠨᠵᠡᠭᠡᠶᠢᠷᠡᠵᠦ᠂ ᠪᠢᠲᠡᠭᠦᠦ ᠴᠠᠭᠠᠷᠢᠭ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠠᠷᠢᠭᠤᠳᠬᠠᠯ᠂ ᠠᠵᠢᠯᠳᠠᠨ ᠤ ᠲᠤᠬᠢᠷᠠᠭᠤᠯᠤᠯᠳᠠ᠂ ᠡᠳᠦᠷ ᠲᠤᠳᠤᠮ ᠤᠨ ᠵᠢᠷᠤᠮᠵᠢᠭᠰᠠᠨ ᠬᠠᠮᠢᠶᠠᠷᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ︽ ᠵᠠᠷᠴᠢᠮ ᠢᠶᠠᠷ ᠶᠠᠪᠤᠬᠤ᠂ ᠭᠤᠭᠴᠤᠭ᠎ᠠ ᠶᠢ ᠦᠵᠡᠬᠦ︾ ᠠᠷᠭ᠎ᠠ ᠬᠡᠯᠪᠡᠷᠢ ᠪᠠᠷ ᠵᠠᠰᠠᠮᠠᠯ ᠵᠠᠮ ᠤᠨ ᠪᠣᠭᠤᠮᠲᠠ ᠶᠢᠨ ᠴᠢᠩᠭᠡᠯᠢᠭ ᠢ ᠳᠡᠭᠦᠵᠢᠯᠡᠨ ᠰᠠᠪᠠᠯᠠᠵᠤ ᠲᠡᠭᠡᠭᠡᠪᠦᠷᠢᠯᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠬᠤ ᠶᠢᠨ ᠬᠠᠮᠲᠤ ᠪᠠᠶᠢᠴᠠᠭᠠᠵᠤ ᠢᠯᠡᠷᠡᠭᠦᠯᠦᠭᠰᠡᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠠᠢ᠃    ᠯᠦ ᠪᠦᠦ ᠳ᠋ᠦᠩ᠂ ᠪᠣᠭᠤᠮᠲᠠ ᠶᠢᠨ ᠠᠵᠢᠯ ᠤᠨ ᠲᠤᠰᠬᠠᠢ ᠠᠩᠬᠢ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠨᠣᠴᠢᠲᠠᠢ ᠪᠠᠶᠢᠳᠠᠯ ᠢ ᠭᠦᠢᠴᠡᠳ ᠲᠠᠨᠢᠵᠤ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠮᠢᠨᠴᠦᠭᠦᠷᠡᠬᠦ ᠦᠵᠡᠯ ᠰᠠᠨᠠᠭ᠎ᠠ᠂ ᠵᠠᠪᠰᠢᠬᠤ ᠪᠤᠳᠤᠯ ᠪᠣᠯᠤᠨ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠡᠭᠦᠷᠭᠡ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠪᠣᠭᠤᠮᠲᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠳᠠᠯᠠᠵᠤ᠂ ᠵᠢᠷᠤᠮᠵᠢᠭᠰᠠᠨ ᠴᠤᠪᠤᠷᠠᠯ ᠢ ᠴᠢᠩᠭ᠎ᠠ ᠵᠢᠷᠤᠮᠯᠠᠵᠤ᠂ ︽ᠬᠥᠮᠦᠨ᠂ ᠪᠣᠳᠠᠰ᠂ ᠣᠷᠴᠢᠨ ᠲᠣᠭᠤᠷᠢᠨ᠂ ᠲᠡᠷᠭᠡ ᠬᠥᠰᠬᠡ︾ ᠵᠡᠷᠭᠡ ᠭᠤᠤᠯᠳᠠᠯᠭ᠎ᠠ ᠲᠠᠢ ᠭᠤᠭᠴᠤᠭ᠎ᠠ ᠶᠢᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠢᠵᠢ ᠪᠥᠷᠢᠳᠦᠭᠦᠯᠬᠦ ᠪᠡᠯᠡᠳᠬᠡᠮᠵᠢ᠂ ᠮᠡᠷᠭᠡᠵᠢᠯ ᠤᠨ ᠰᠡᠷᠭᠡᠶᠢᠯᠡᠯᠲᠡ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠴᠤᠪᠤᠷᠠᠯ ᠤᠨ ᠬᠠᠮᠢᠶᠠᠷᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠤᠰᠠᠭᠠᠷᠯᠠᠭᠰᠠᠨ ᠪᠠᠭᠤᠳᠠᠯ ᠤᠳ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ︽ᠭᠤᠷᠪᠠᠨ ᠲᠣᠭᠤᠷᠢᠭ ᠬᠤᠶᠠᠷ ᠨᠡᠪᠲᠡᠷᠡᠬᠦ ᠵᠠᠮ︾ ᠢ ᠴᠢᠩᠭ᠎ᠠ ᠬᠤᠪᠢᠶᠠᠷᠢᠯᠠᠵᠤ᠂ ᠬᠢᠵᠢᠭ ᠢ ᠰᠡᠷᠭᠡᠶᠢᠯᠡᠬᠦ ᠪᠠ ᠬᠠᠮᠢᠶᠠᠷᠤᠨ ᠡᠵᠡᠮᠳᠡᠬᠦ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠶᠠᠪᠤᠭᠳᠠᠭᠤᠯᠵᠤ᠂ ᠬᠠᠮᠠᠭᠠᠯᠠᠯᠲᠠ ᠶᠢᠨ ᠲᠣᠤᠷ ᠢ ᠲᠠᠰᠤᠷᠠᠯᠲᠠ ᠥᠬᠡᠶ ᠨᠢᠭᠲᠠ ᠰᠦᠯᠵᠢᠬᠦ ᠬᠡᠷᠡᠭᠲᠡᠶ᠃ ᠵᠢᠯᠣᠭᠤᠴᠢ ᠪᠠ ᠰᠠᠭᠤᠳᠠᠯ ᠤᠨ ᠠᠵᠢᠯᠲᠠᠨ᠂ ᠲᠡᠷᠭᠡ ᠬᠥᠰᠬᠡ ᠶᠢᠨ ᠪᠠᠷᠠᠭᠠᠨ ᠤ ᠬᠦᠢᠯᠭᠡᠭᠡᠨ ᠤ ᠲᠣᠭᠤᠷᠢᠭ ᠢᠶᠠᠷ ᠣᠷᠣᠵᠤ ᠭᠠᠷᠬᠤ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠵᠦ᠂ ᠲᠤᠰᠬᠠᠶ ᠡᠭᠡᠯᠵᠢ ᠳᠤᠭᠤᠶᠢᠯᠠᠩ ᠤᠨ ᠬᠢᠨ ᠲᠣᠭᠤᠷᠢᠭ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠬᠢᠨᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠩ ᠰᠢᠨᠵᠢᠯᠡᠬᠦ ᠤᠬᠠᠭᠠᠨᠴᠢ᠂ ᠴᠢᠩᠭ᠎ᠠ ᠨᠢᠮᠪᠠᠶ᠂ ᠪᠦᠲᠦᠮᠵᠢᠲᠡᠶ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠰᠡᠷᠭᠡᠶᠢᠯᠡᠯᠲᠡ ᠶᠢᠨ ᠬᠡᠷᠡᠮ︾ ᠢ ᠡᠷᠡᠰ ᠪᠠᠲᠤ ᠴᠣᠭᠴᠠᠯᠠᠬᠤ ᠬᠡᠷᠡᠭᠲᠡᠶ᠃ ᠡᠯ᠎ᠡ ᠵᠦᠢᠯ ᠤᠨ ᠲᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠨ ᠤ ᠡᠳᠦᠷ ᠲᠤᠲᠤᠮ ᠤᠨ ᠵᠢᠷᠤᠮᠵᠢᠭᠤᠨ ᠠᠵᠢᠯᠯᠠᠬᠤ᠂ ᠠᠷᠤ ᠲᠠᠯ᠎ᠠ ᠶᠢᠨ ᠪᠠᠲᠤᠯᠠᠭ᠎ᠠ ᠶᠢ ᠪᠠᠲᠤᠯᠠᠬᠤ᠂ ᠠᠵᠢᠯᠲᠠᠨ ᠢ ᠲᠤᠰᠠᠭᠠᠷᠯᠠᠨ ᠬᠠᠮᠢᠶᠠᠷᠬᠤ᠂ ᠠᠷᠢᠭᠤᠳᠬᠠᠨ ᠠᠷᠢᠯᠭᠠᠬᠤ᠂ ᠬᠤᠭ ᠨᠣᠪᠰᠢ ᠶᠢ ᠰᠢᠢᠳᠪᠣᠷᠢᠯᠡᠬᠦ ᠵᠡᠷᠭᠡ ᠭᠤᠤᠯᠳᠠᠯᠭ᠎ᠠ ᠲᠠᠢ ᠭᠤᠭᠴᠤᠭ᠎ᠠ ᠳᠤ ᠳᠠᠬᠢᠨ ᠵᠢᠭᠰᠠᠭᠠᠨ ᠪᠠᠶᠢᠴᠠᠭᠠᠵᠤ᠂ ᠳᠠᠬᠢᠨ ᠡᠮᠬᠢᠯᠡᠨ ᠳᠢᠭᠯᠡᠵᠦ᠂ ᠳᠠᠬᠢᠨ ᠲᠡᠭᠦᠯᠳᠡᠷᠵᠢᠭᠦᠯᠵᠦ᠂ ᠬᠢᠵᠢᠭ ᠤᠨ ᠬᠠᠯᠳᠠᠪᠤᠷᠢᠯᠠᠬᠤ ᠵᠠᠮ ᠮᠥᠷ ᠢ ᠡᠷᠡᠰ ᠲᠡᠰᠦᠯᠵᠦ᠂ ᠪᠣᠭᠤᠮᠲᠠ ᠶᠢᠨ ᠬᠢᠵᠢᠭ ᠤᠨ ᠪᠠᠶᠢᠳᠠᠯ ᠤᠨ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ︾ ᠪᠠᠲᠤ ᠪᠠᠬᠢ ᠬᠠᠯᠬᠠᠪᠴᠢ ᠶᠢ ᠪᠠᠶᠢᠭᠤᠯᠬᠤ ᠬᠡᠷᠡᠭᠲᠡᠶ ᠭᠡᠵᠦ ᠵᠢᠭᠠᠵᠦ ᠭᠠᠷᠭᠠᠪᠠ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号