ᠪᠠᠶᠠᠷ ᠤᠨ ᠡᠳᠦᠷ ᠠᠴᠠ ᠡᠮᠦᠨᠡᠬᠢ ᠬᠢᠯᠢ ᠶᠢᠨ ᠬᠤᠳᠠ ᠶᠢᠨ ᠠᠮᠤᠷ ᠲᠦᠪᠰᠢᠨ ᠢ ᠲᠥᠪᠯᠡᠷᠡᠭᠦᠯᠦᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/12/29
       ᠰᠢᠨ᠎ᠡ ᠵᠢᠯ ᠤᠨ ᠬᠤᠭᠤᠴᠠᠭᠠᠨ ᠳᠠᠬᠢ ᠨᠡᠶᠢᠭᠡᠮ ᠤᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠳᠣᠯᠠᠳᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠤᠲᠠ ᠶᠢᠨ ᠬᠡᠪᠴᠢᠶᠡᠨ ᠳᠤ ᠨᠡᠶᠢᠭᠡᠮ ᠤᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠵᠦ᠂ ᠨᠡᠶᠢᠭᠡᠮ ᠤᠨ ᠣᠷᠴᠢᠨ ᠲᠣᠭᠤᠷᠢᠨ ᠢ ᠪᠦᠲᠦᠮᠵᠢᠲᠡᠶ ᠴᠡᠪᠡᠷᠰᠢᠭᠦᠯᠵᠦ᠂ ᠪᠣᠭᠤᠮᠲᠠ ᠶᠢᠨ ᠣᠯᠠᠨ ᠲᠦᠮᠡᠨ ᠤ ᠰᠢᠨ᠎ᠡ ᠵᠢᠯ ᠢᠶᠠᠨ ᠪᠠᠶᠠᠷ ᠬᠥᠷ ᠲᠠᠢ ᠥᠩᠭᠡᠷᠡᠭᠦᠯᠬᠦ ᠳᠤ ᠠᠮᠤᠷ ᠲᠦᠪᠰᠢᠨ᠂ ᠲᠣᠭᠲᠠᠭᠤᠨ᠂ ᠥᠯᠵᠡᠶ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃    ᠲᠣᠰ ᠤᠳᠠᠭᠠᠨ ᠤ ᠠᠵᠢᠯᠯᠠᠭ᠎ᠠ ᠶᠢ ︽ᠬᠤᠤᠰ ᠵᠠᠭᠤᠨ‌ᠡᠳᠦᠷ︾ ᠤᠨ ᠪᠣᠭᠤᠮᠳᠠ ᠰᠢᠪᠳᠣᠯᠣᠯᠳᠠ ᠪᠠ ᠪᠣᠭᠤᠮᠲᠠ ᠶᠢᠨ ᠪᠠᠶᠢᠩᠭᠤ ᠶᠢᠨ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠠᠢ ᠨᠢᠭᠲᠠ ᠤᠶᠠᠯᠳᠤᠭᠤᠯᠤᠨ᠂ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠤᠨ ᠲᠣᠭᠤᠷᠢᠨ ᠳᠤ ᠰᠦᠪᠡᠭᠴᠢ ᠶᠢ ᠪᠠᠶᠢᠴᠠᠭᠠᠨ ᠰᠢᠢᠳᠪᠣᠷᠢᠯᠡᠬᠦ ᠶᠢ ᠴᠢᠩᠭᠠᠳᠬᠠᠵᠤ᠂ ᠴᠢᠨᠠᠷ ᠴᠢᠨᠰᠠᠭ᠎ᠠ ᠦᠷ᠎ᠡ ᠪᠦᠲᠦᠮᠵᠢ ᠳᠤ ᠴᠣᠬᠢᠯᠲᠠ ᠥᠭᠬᠦ ᠶᠢ ᠳᠣᠪᠤᠶᠢᠯᠭᠠᠨ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠬᠠᠷᠢᠶ᠎ᠠ ᠣᠷᠣᠨ ᠤ ᠪᠠᠨ KTV᠂ ᠰᠦᠯᠵᠢᠶᠡᠨ ᠤ ᠪᠠᠭᠠᠷ᠂ ᠪᠠᠭᠤᠳᠠᠯ ᠵᠡᠷᠭᠡ ᠭᠤᠤᠯᠳᠠᠯᠭ᠎ᠠ ᠲᠠᠢ ᠲᠠᠯᠠᠪᠤᠷ᠂ ᠭᠤᠤᠯᠳᠠᠯᠭ᠎ᠠ ᠲᠠᠢ ᠬᠡᠰᠡᠭ ᠲᠤ ︽ᠱᠦᠬᠦᠷᠳᠡᠯᠳᠠ︾ ᠶᠢᠨ ᠪᠠᠶᠢᠴᠠᠭᠠᠯᠲᠠ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠲᠦᠢᠯᠪᠤᠷᠢᠲᠠᠶ ᠠᠷᠢᠯᠭᠠᠪᠠ᠃ ᠡᠵᠡᠩᠨᠡᠯᠲᠡ ᠶᠢᠨ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠣᠮᠧᠷ ᠢ ᠰᠢᠷᠪᠢᠬᠦ᠂ ᠳᠠᠩᠰᠠᠯᠠᠬᠤ᠂ ᠳᠤᠯᠠᠭᠠᠨ ᠢ ᠬᠡᠮᠵᠢᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ ᠲᠣᠳᠣᠷᠬᠠᠶᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠯᠳᠠᠰᠢ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠤᠷᠢᠭᠯᠠᠪᠠ᠃ ᠡᠭᠦᠨ ᠤ ᠬᠠᠮᠲᠤ᠂ ᠬᠥᠮᠦᠨ ᠠᠮᠠ ᠨᠢᠭᠲᠠᠷᠠᠨ ᠴᠤᠭᠯᠠᠷᠠᠭᠰᠠᠨ ᠵᠠᠮ ᠤᠨ ᠬᠡᠰᠡᠭ ᠤᠨ ᠵᠠᠮ ᠬᠠᠷᠢᠯᠴᠠᠭᠠᠨ ᠤ ᠵᠢᠯᠣᠭᠤᠳᠣᠯᠭ᠎ᠠ ᠶᠢ ᠴᠢᠩᠭᠠᠳᠬᠠᠵᠤ᠂ ᠬᠤᠲᠠ ᠲᠣᠭᠤᠷᠢᠭ ᠤᠨ ᠭᠤᠤᠯ ᠪᠣᠯᠬᠤ ᠵᠠᠮ ᠬᠠᠷᠢᠯᠴᠠᠭᠠᠨ ᠤ ᠬᠡᠰᠡᠭ ᠲᠤ ᠪᠣᠭᠤᠮᠲᠠ ᠭᠠᠷᠭᠠᠵᠤ᠂ ︽ᠭᠤᠷᠪᠠ ᠬᠡᠳᠦᠷᠡᠵᠦ᠂ ᠨᠢᠭᠡ ᠶᠠᠳᠠᠷᠠᠬᠤ︾᠂ ᠠᠷᠢᠬᠢ ᠤᠤᠭᠤᠵᠤ ᠲᠡᠷᠭᠡ ᠵᠢᠯᠣᠭᠤᠳᠬᠤ᠂ ᠦᠨᠡᠮᠯᠡᠯ ᠥᠬᠡᠶ ᠪᠠᠷ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠣᠷᠢᠯᠡᠵᠦ᠂ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠳᠣᠯᠠᠪᠠ᠃    ᠲᠣᠰ ᠤᠳᠠᠭᠠᠨ ᠤ ᠠᠵᠢᠯᠯᠠᠭ᠎ᠠ ᠳᠤ ᠴᠠᠭᠳᠠᠭᠠᠨ ᠤ ᠬᠦᠴᠦᠨ ᠢ ᠨᠡᠶᠢᠲᠡ 392 ᠬᠥᠮᠦᠨ ᠤᠳᠠᠭ᠎ᠠ᠂ ᠴᠠᠭᠳᠠᠭᠠᠨ ᠤ ᠲᠡᠷᠭᠡ ᠶᠢ 70 ᠭᠠᠷᠤᠶ ᠤᠳᠠᠭ᠎ᠠ ᠬᠥᠳᠡᠯᠭᠡᠵᠦ᠂ ᠵᠠᠮ ᠳᠡᠭᠡᠷᠡᠬᠢ ᠲᠡᠷᠭᠡ ᠶᠢ 1100 ᠭᠠᠷᠤᠶ ᠤᠳᠠᠭ᠎ᠠ ᠪᠠᠶᠢᠴᠠᠭᠠᠵᠤ᠂ ᠠᠷᠢᠬᠢ ᠤᠤᠭᠤᠵᠤ ᠲᠡᠷᠭᠡ ᠵᠢᠯᠣᠭᠤᠳᠤᠭᠰᠠᠨ ᠪᠠ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠪᠤᠰᠤᠳ ᠠᠵᠢᠯᠯᠠᠭ᠎ᠠ ᠶᠢ 32 ᠪᠠᠶᠢᠴᠠᠭᠠᠨ ᠰᠢᠢᠳᠪᠣᠷᠢᠯᠡᠪᠡ᠃ 120 ᠭᠠᠷᠤᠶ ᠭᠤᠣᠯᠳᠠᠯᠭ᠎ᠠ ᠲᠠᠢ ᠨᠢᠭᠡᠴᠡ᠂ ᠵᠤᠭ᠎ᠠ ᠴᠡᠩᠭᠡᠯ ᠤᠨ ᠭᠠᠵᠠᠷ ᠢ ᠣᠨᠴᠠᠯᠠᠨ ᠪᠠᠶᠢᠴᠠᠭᠠᠵᠤ᠂ 18 ᠡᠷᠦᠬᠡ ᠬᠢᠵᠢᠭ ᠰᠡᠷᠭᠡᠶᠢᠯᠡᠬᠦ ᠮᠡᠳᠡᠭᠡ ᠵᠠᠩᠭᠢ ᠶᠢ ᠲᠣᠭᠲᠠᠭᠠᠯ ᠶᠣᠰᠣᠭᠠᠷ ᠳᠠᠩᠰᠠᠯᠠᠭᠤᠯᠤᠭᠰᠠᠨ ᠦᠭᠡᠶ ᠪᠠᠶᠢᠬᠤ ᠶᠢ ᠣᠯᠵᠤ ᠮᠡᠳᠡᠵᠡᠶ᠃ ᠲᠤᠬᠠᠶ ᠶᠢᠨ ᠲᠠᠯᠠᠪᠤᠷ ᠲᠤ ᠲᠣᠭᠲᠠᠭᠠᠯ ᠳᠤ ᠨᠡᠶᠢᠴᠡᠬᠦ ᠥᠬᠡᠶ ᠲᠤᠬᠠᠶ ᠶᠢᠨ ᠬᠥᠮᠦᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠠᠮᠠ ᠪᠠᠷ ᠰᠡᠷᠡᠮᠵᠢ ᠥᠭᠬᠦ ᠶᠢᠨ ᠬᠠᠮᠲᠤ ᠵᠠᠷᠯᠢᠭᠳᠠᠵᠤ ᠪᠠᠶᠢᠭᠠᠳ ᠲᠡᠷᠡ ᠳᠠᠷᠤᠶ ᠳᠤᠨᠢ ᠴᠡᠭᠴᠡᠯᠡᠨ ᠦᠭᠡᠷᠡᠴᠢᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号