ᠭᠠᠷᠴᠠᠭ᠄ | ᠬᠠᠶᠢᠷ᠎ᠠ ᠬᠠᠯᠠᠮᠵᠢ ᠶᠢᠨ ᠡᠳ᠋ ᠪᠤᠳᠠᠰ ᠲᠠᠰᠤᠷᠠᠯᠲᠠ ᠦᠭᠡᠢ ᠴᠤᠭᠯᠠᠷᠠᠨ | ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠠᠤ ᠬᠢᠵᠢᠭ ᠤᠨ ᠪᠠᠶᠢᠳᠠᠯ ᠲᠠᠢ ᠲᠡᠮᠡᠴᠡᠵᠦ ᠪᠠᠶᠢᠭ᠎ᠠ | | ᠤᠷᠴᠢᠭᠤᠯᠤᠭᠴᠢ᠄ ᠰᠤᠯᠤᠩᠭᠤᠸ᠎ᠡ | ᠤᠳᠤᠷᠢᠳᠬᠠᠯ᠄ | ᠣᠶᠢᠷ᠎ᠠ ᠶᠢᠨ ᠡᠳᠦᠷ ᠤᠳ ᠲᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠨᠢ ᠮᠠᠨ ᠤ ᠬᠤᠲᠠ ᠵᠢᠴᠢ ᠡᠷᠬᠢᠨ ᠲᠣᠭᠤᠷᠢᠨ ᠤ ᠬᠤᠰᠢᠭᠤ ᠰᠢᠶᠠᠨ ᠤ ᠨᠢᠩᠵᠢᠨ | ᠰᠡᠳᠬᠢᠯᠲᠦ ᠠᠵᠤ ᠠᠬᠤᠶᠢᠯᠠᠯ ᠪᠠ ᠬᠥᠮᠦᠰ ᠤᠨ ᠰᠠᠨᠠᠭᠠᠰᠢᠷᠠᠯ ᠪᠤᠯᠵᠤ᠂ ᠲᠠᠳᠠ ᠬᠠᠶᠢᠷ᠎ᠠ ᠬᠠᠯᠠᠮᠵᠢ ᠶᠢᠨ | ᠬᠠᠨᠳᠢᠪ ᠤᠨ ᠮᠥᠩᠭᠦ᠂ ᠡᠳ᠋ ᠪᠣᠳᠠᠰ ᠢ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ | ᠹᠷᠤᠨᠲ ᠳᠤ ᠬᠦᠷᠭᠡᠵᠦ᠂ ᠳᠠᠷᠢ ᠶᠢᠨ ᠣᠲᠤᠭ᠎ᠠ ᠥᠬᠡᠶ ᠲᠠᠶᠢᠯᠠᠯᠳᠤᠭᠠᠨ ᠳᠤ ᠢᠯᠠᠯᠲᠠ ᠤᠯᠬᠤ ᠳᠤ ᠬᠦᠴᠦᠨ | ᠨᠡᠮᠡᠷᠢᠯᠡᠵᠦ ᠪᠠᠶᠢᠨ᠎ᠠ᠃ | ᠲᠠᠶᠢᠯᠤᠮᠵᠢ᠄ | 10 ᠰᠠᠷ᠎ᠠ ᠶᠢᠨ 24 ᠤ ᠡᠳᠦᠷ᠂ ᠰᠥᠨᠢᠳ ᠵᠡᠭᠦᠨ ᠬᠤᠰᠢᠭᠤᠨ ᠤ ᠬᠠ ᠱᠧᠩ ᠡᠾᠦᠸᠧ哈生活 | ᠵᠠᠯᠠᠭᠤᠴᠤᠳ ᠤᠨ ᠴᠠᠶ ᠶᠢᠨ ᠮᠤᠬᠤᠯᠢᠭ ᠤᠨ ᠬᠠᠷᠢᠭᠤᠴᠠᠯᠭᠠᠲᠠᠨ ᠠᠴᠠ ᠮᠠᠨᠳᠤᠤ᠂ ᠲᠠᠬᠢᠶᠠᠨ ᠭᠤᠶ᠎ᠠ᠂ ᠲᠠᠷᠠᠭ᠂ | ᠲᠣᠰᠣᠨ ᠳᠤ ᠪᠤᠴᠠᠯᠭᠠᠭᠰᠠᠨ ᠮᠢᠬ᠎ᠠ᠂ ᠳᠥᠭᠦᠮ ᠭᠤᠯᠢᠷ ᠵᠡᠷᠭᠡ 5600 ᠭᠠᠷᠤᠶ ᠲᠥᠭᠦᠷᠢᠭ ᠤᠨ ᠬᠠᠶᠢᠷ᠎ᠠ | ᠬᠠᠯᠠᠮᠵᠢ ᠶᠢᠨ ᠡᠳ᠋ ᠪᠣᠳᠠᠰ ᠢ ᠮᠠᠨ ᠤ ᠬᠤᠲᠠ ᠳᠤ ᠬᠠᠨᠳᠢᠪᠯᠠᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ | ᠡᠮᠴᠢ ᠰᠤᠪᠢᠯᠠᠭᠴᠢᠳ ᠲᠤ ᠬᠦᠷᠭᠡᠨ᠂ ᠪᠣᠳᠠᠲᠤ ᠠᠵᠢᠯᠯᠠᠭ᠎ᠠᠪᠠᠷ ᠢᠶᠠᠨ ᠮᠠᠨ ᠤ ᠬᠤᠲᠠ ᠶᠢᠨ ᠬᠢᠵᠢᠭᠤᠨ ᠪᠠᠶᠢᠳᠠᠯ | ᠲᠠᠢ ᠲᠡᠮᠡᠴᠡᠬᠦ ᠳᠤ ᠬᠦᠴᠦᠨ ᠨᠡᠮᠡᠷᠢᠯᠡᠵᠡᠢ ᠃ | ᠡᠨᠡ ᠬᠤᠭᠤᠴᠠᠭᠠᠨ ᠳᠤ᠂ ᠬᠤᠲᠠ ᠶᠢᠨ ᠪᠦᠦ ᠳ᠋ᠢᠩ ᠢᠳᠡᠰᠢᠨ ᠨᠤᠭᠤᠭ᠎ᠠ ᠶᠢᠨ ᠵᠠᠬ᠎ᠠ ᠶᠢᠨ ᠲᠠᠯ᠎ᠠ | ᠨᠤᠲᠤᠭ ᠤᠨ ᠦᠬᠡᠷ ᠤᠨ ᠮᠢᠬᠠᠨ ᠤ ᠳᠡᠯᠭᠡᠭᠦᠷ ᠴᠦ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ | ᠲᠥᠬᠦᠮ ᠭᠤᠯᠢᠷ᠂ ᠷᠠᠰᠢᠶᠠᠨ ᠤᠰᠤ ᠵᠡᠷᠭᠡ ᠡᠳ᠋ ᠪᠣᠳᠠᠰ ᠬᠠᠨᠳᠢᠪᠯᠠᠪᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠃ ᠰᠡᠳᠬᠢᠯ | ᠨᠢᠭᠡᠳᠦᠨ ᠬᠦᠴᠦ ᠪᠠᠨ ᠬᠠᠮᠳᠤᠳᠬᠠᠪᠠᠯ ᠳᠠᠪᠠᠵᠤ ᠲᠡᠶᠢᠯᠬᠦ ᠦᠭᠡᠢ ᠳᠠᠪᠠᠭ᠎ᠠ ᠭᠡᠵᠦ ᠪᠠᠶᠢᠬᠤ ᠦᠭᠡᠢ᠃ ᠪᠢᠳᠡ | ᠰᠡᠳᠬᠢᠯ ᠢᠶᠠᠨ ᠨᠢᠭᠡᠳᠬᠡᠵᠦ ᠬᠦᠴᠦ ᠪᠠᠨ ᠬᠠᠮᠲᠤᠳᠬᠠᠳᠠᠭ ᠯᠠ ᠶᠤᠮ ᠪᠣᠯ ᠬᠢᠵᠢᠭ ᠤᠨ ᠪᠠᠶᠢᠳᠠᠯ ᠢ ᠡᠷᠲᠡᠬᠡᠨ ᠢᠯᠠᠵᠤ | ᠴᠢᠳᠠᠨ᠎ᠠ ᠭᠡᠳᠡᠭ ᠢ ᠢᠲᠡᠭᠡᠵᠦ ᠪᠠᠶᠢᠨ᠎ᠠ᠃ | | |