ᠲᠥᠷᠪᠡᠨ ᠵᠦᠭ ᠨᠠᠢᠮᠠᠨ ᠵᠤᠪᠬᠢᠰ ᠠᠴᠠ ᠬᠠᠨᠳᠢᠪᠯᠠᠨᠬᠢᠵᠢᠭ ᠢ ᠡᠰᠡᠷᠭᠦᠴᠡᠬᠦ ᠳᠤ ᠬᠦᠴᠦᠯᠡᠨ ᠲᠡᠮᠵᠢ᠊
ᠨᠡᠶᠢᠲᠡᠯᠡᠭᠰᠡᠨ ᠴᠠᠭ᠄
2021/12/8
ᠭᠠᠷᠴᠠᠭ᠄ᠲᠥᠷᠪᠡᠨ ᠵᠦᠭ ᠨᠠᠢᠮᠠᠨ ᠵᠤᠪᠬᠢᠰ ᠠᠴᠠ ᠬᠠᠨᠳᠢᠪᠯᠠᠨᠬᠢᠵᠢᠭ ᠢ ᠡᠰᠡᠷᠭᠦᠴᠡᠬᠦ ᠳᠤ ᠬᠦᠴᠦᠯᠡᠨ ᠲᠡᠮᠵᠢᠭᠰᠡᠨᠤᠷᠴᠢᠭᠤᠯᠤᠭᠴᠢ᠄ ᠰᠤᠯᠤᠩᠭᠤᠸ᠎ᠡ  ᠤᠳᠤᠷᠢᠳᠬᠠᠯ᠄  ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ  ᠨᠠᠭᠠᠰᠢ᠂ ᠠᠶᠢᠮᠠᠭ ᠤᠨ  ᠲᠤᠳᠤᠷ᠎ᠠ ᠵᠢᠴᠢ ᠮᠠᠨ ᠤ ᠬᠤᠲᠠ ᠶᠢᠨ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠲᠦᠮᠡᠨ ᠣᠯᠠᠨ ᠢᠶᠠᠷ ᠢᠶᠠᠨ ᠰᠡᠳᠬᠢᠯ ᠨᠢᠭᠡᠳᠦᠨ᠂  ᠡᠮᠦᠨ᠎ᠡ ᠹᠷᠤᠨᠲ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠯᠡᠨ ᠳᠡᠮᠵᠢᠵᠦ ᠪᠠᠶᠢᠨ᠎ᠠ᠃ ᠲᠠᠶᠢᠯᠤᠮᠵᠢ᠄    10 ᠰᠠᠷ᠎ᠠ ᠶᠢᠨ 24 ᠤ ᠡᠳᠦᠷ ᠮᠣᠩᠭᠤᠯ ᠤᠯᠤᠰ ᠤᠨ ᠡᠷᠢᠶᠡᠨ ᠬᠤᠲᠠ ᠶᠢᠨ ᠬᠤᠳᠠᠯᠳᠤᠭᠠᠴᠢᠳ ᠤᠨ  ᠨᠡᠶᠢᠭᠡᠮᠯᠢᠭ ᠠᠴᠠ ᠬᠤᠳᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ 12 ᠲᠦᠮᠡ 3 ᠮᠢᠩᠭᠠᠨ ᠲᠥᠭᠦᠷᠢᠭ ᠬᠠᠨᠳᠢᠪᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠳ ᠢ ᠲᠣᠬᠤᠨᠢᠭᠤᠯᠵᠤ᠂ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠳᠤ ᠬᠦᠴᠦᠨ ᠨᠡᠮᠡᠷᠢᠯᠡᠵᠡᠶ᠃      ᠲᠤᠬᠠᠶ ᠶᠢᠨ ᠡᠳᠦᠷ᠂ ᠥᠪᠥᠷ ᠮᠣᠩᠭᠤᠯ ᠤᠨ  ᠠᠰᠤᠷᠤ  ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠯᠢᠨ ᠬᠠᠶ ᠬᠤᠲᠠ ᠶᠢᠨ ᠵᠠᠮ ᠬᠠᠷᠢᠯᠴᠠᠭᠠᠨ ᠤ ᠰᠠᠶᠢᠨ   ᠳᠤᠷ᠎ᠠ ᠶᠢᠨ ᠦᠢᠯᠡᠴᠢᠯᠡᠭᠡᠨ  ᠤ ᠠᠩᠭᠢ ᠶᠢᠨ ᠨᠥᠬᠦᠳ ᠠᠵᠢᠯ ᠤᠨ ᠬᠠᠷᠠᠭ᠎ᠠ ᠪᠠᠷ ᠦᠷᠭᠦᠯᠵᠢ ᠬᠤᠭᠤᠯᠠᠨ ᠤ ᠴᠠᠭ ᠠᠴᠠ ᠪᠠᠨ  ᠬᠤᠴᠤᠷᠠᠳᠠᠭ ᠢ ᠮᠡᠳᠡᠭᠰᠡᠨ ᠤ ᠳᠠᠷᠠᠭ᠎ᠠ᠂ ᠲᠡᠳᠡᠨ ᠳᠤ ᠲᠥᠬᠦᠮ ᠮᠢᠨᠲᠤᠤᠷ᠂ ᠬᠢᠮ᠎ᠠ ᠪᠣᠯᠤᠨ ᠷᠠᠰᠢᠶᠠᠨ ᠤᠰᠤ ᠵᠡᠷᠭᠡ ᠶᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢᠶᠠᠷ ᠳᠠᠮᠵᠢᠭᠤᠯᠤᠨ ᠲᠡᠳᠡᠨ ᠳᠤ  ᠬᠠᠨᠳᠢᠪᠯᠠᠪᠠ᠃ ᠨᠠᠶᠢᠷᠠᠭᠤᠯᠤᠭᠴᠢ ᠶᠢᠨ ᠦᠭᠡ᠄       ᠬᠢᠵᠢᠭ ᠤᠨ ᠪᠠᠶᠢᠳᠠᠯ ᠤᠨ ᠡᠮᠦᠨ᠎ᠡ᠂  ᠨᠢᠭᠵᠢᠨ ᠰᠡᠳᠬᠢᠯᠲᠦ ᠬᠥᠮᠦᠰ᠂ ᠠᠵᠤ ᠠᠬᠤᠶᠢᠯᠠᠯ ᠪᠣᠯᠤᠨ ᠬᠠᠶᠢᠷ᠎ᠠ ᠬᠠᠯᠠᠮᠵᠢ ᠶᠢᠨ ᠵᠣᠬᠢᠶᠠᠨ ᠪᠠᠶᠢᠭᠤᠯᠤᠯᠲᠠ ᠨᠢᠭᠡᠪᠦᠷᠢ ᠶᠢᠨ ᠰᠠᠬᠢᠨ ᠬᠠᠮᠠᠭᠠᠯᠠᠯᠲᠠ ᠨᠢ ᠲᠥᠪ ᠶᠣᠰᠣᠨ ᠤ ᠬᠠᠷᠢᠭᠤᠴᠠᠯᠭ᠎ᠠ ᠶᠢ ᠢᠯᠡᠷᠡᠭᠦᠯᠵᠦ ᠪᠠᠶᠢᠭ᠎ᠠ ᠶᠤᠮ᠃ ᠡᠨᠡ ᠤᠳᠠᠭ᠎ᠠ ᠶᠢᠨ ᠳᠠᠷᠢ ᠶᠢᠨ ᠤᠲᠤᠭ᠎ᠠ ᠦᠬᠡᠢ  ᠲᠠᠶᠢᠯᠠᠯᠳᠤᠭᠠᠨ ᠤ ᠳᠤᠮᠳᠠ᠂ ᠪᠦᠬᠦ ᠠᠶᠢᠮᠠᠭ ᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠪᠣᠭᠤᠮᠲᠠ ᠶᠢᠨ ᠨᠢᠭᠡᠳᠦᠭᠡᠷ ᠹᠷᠣᠨᠲ ᠲᠠᠢ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠵᠥ᠂  ᠬᠠᠮᠲᠤᠪᠡᠷ ᠡᠷᠡᠮᠡᠬᠡᠶᠢᠯᠡᠨ  ᠤᠷᠤᠭᠰᠢᠯᠠᠵᠤ ᠪᠠᠶᠢᠨ᠎ᠠ᠃ ᠬᠢᠵᠢᠭ ᠤᠨ ᠪᠠᠶᠢᠳᠠᠯ ᠢ ᠳᠠᠷᠤᠢ ᠲᠦᠷᠭᠡᠨ ᠢᠶᠠᠷ ᠢᠯᠠᠨ ᠳᠠᠪᠠᠵᠤ ᠴᠢᠳᠠᠨ᠎ᠠ ᠭᠡᠳᠡᠭ ᠢ  ᠪᠢᠳᠡ ᠢᠲᠡᠭᠡᠵᠦ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号