ᠰᠠᠶᠢᠨ ᠳᠤᠷᠠᠴᠢᠳ ᠡᠳ᠋ ᠪᠤᠳᠠᠰ ᠢ ᠡᠭᠦᠳᠡᠨ ᠳᠤ ᠨᠢ ᠬᠦᠷᠭᠡᠵᠦᠪᠢᠳᠡᠭᠦᠮᠵᠢᠯᠡᠨ ᠡᠵᠡᠮᠳᠡᠬᠦ ᠰᠠᠭᠤᠭᠠᠯᠢ ᠲᠤᠭᠤᠷᠢᠭ ᠤᠨ ᠡᠳ᠋  ᠪᠣᠳᠠᠰ ᠤᠨ ᠬᠠᠩᠭᠠᠯᠭ᠎ᠠ ᠶᠢ ᠪᠠᠲᠤᠯᠠᠵᠤ ᠪ᠊
ᠨᠡᠶᠢᠲᠡᠯᠡᠭᠰᠡᠨ ᠴᠠᠭ᠄
2021/12/8
ᠭᠠᠷᠴᠠᠭ᠄ᠰᠠᠶᠢᠨ ᠳᠤᠷᠠᠴᠢᠳ ᠡᠳ᠋ ᠪᠤᠳᠠᠰ ᠢ ᠡᠭᠦᠳᠡᠨ ᠳᠤ ᠨᠢ ᠬᠦᠷᠭᠡᠵᠦᠪᠢᠳᠡᠭᠦᠮᠵᠢᠯᠡᠨ ᠡᠵᠡᠮᠳᠡᠬᠦ ᠰᠠᠭᠤᠭᠠᠯᠢ ᠲᠤᠭᠤᠷᠢᠭ ᠤᠨ ᠡᠳ᠋  ᠪᠣᠳᠠᠰ ᠤᠨ ᠬᠠᠩᠭᠠᠯᠭ᠎ᠠ ᠶᠢ ᠪᠠᠲᠤᠯᠠᠵᠤ ᠪᠠᠶᠢᠨ᠎ᠠᠤᠷᠴᠢᠭᠤᠯᠤᠭᠴᠢ᠄ ᠰᠤᠯᠤᠩᠭᠤᠸ᠎ᠡᠤᠳᠤᠷᠢᠳᠬᠠᠯ᠄         ᠬᠢᠵᠢᠭ ᠤᠨ ᠪᠠᠶᠢᠳᠠᠯ  ᠲᠠᠢ ᠲᠡᠮᠡᠴᠡᠬᠦ ᠲᠠᠶᠢᠯᠠᠯᠳᠤᠭᠠᠨ ᠤ ᠢᠯᠠᠯᠲᠠ ᠶᠢ ᠤᠯᠬᠤ ᠳᠤ ᠡᠳ᠋ ᠪᠣᠳᠠᠰ ᠤᠨ ᠪᠠᠲᠤᠯᠠᠭ᠎ᠠ ᠪᠣᠯ ᠰᠠᠭᠤᠷᠢ ᠪᠣᠯᠤᠨ᠎ᠠ᠃ ᠣᠶᠢᠷ᠎ᠠ ᠶᠢᠨ ᠡᠳᠦᠷ ᠤᠳ ᠲᠤ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠨᠢᠭᠡᠳᠦᠯᠲᠡᠶ  ᠵᠣᠬᠢᠴᠠᠭᠤᠯᠬᠤ ᠪᠠᠨ ᠴᠢᠩᠭᠠᠳᠬᠠᠵᠤ᠂ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ  ᠡᠳ᠋ ᠪᠣᠳᠠᠰ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ  ᠵᠦᠢᠯ  ᠤᠨ ᠬᠠᠩᠭᠠᠯᠭ᠎ᠠ ᠶᠢ ᠪᠥᠬᠦ ᠬᠦᠴᠦᠨ ᠢᠶᠠᠷ  ᠪᠠᠲᠤᠯᠠᠵᠤ᠂ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠦᠨᠡᠨᠬᠦ ᠪᠠᠲᠤᠯᠠᠵᠤ ᠪᠠᠶᠢᠨ᠎ᠠ᠃ᠲᠠᠶᠢᠯᠤᠮᠵᠢ᠄     10 ᠰᠠᠷ᠎ᠠ ᠶᠢᠨ 20 ᠤ ᠡᠳᠦᠷ᠂ ᠬᠤᠲᠠ ᠶᠢᠨ ᠪᠠᠷᠠᠭᠤᠨ ᠨᠡᠶᠢᠭᠡᠮ ᠲᠣᠭᠤᠷᠢᠭ ᠤᠨ ᠹᠧᠩ‌ᠬᠤᠸᠠ ᠹᠦ᠋ ᠳ᠋ᠢ  ᠰᠠᠭᠤᠭᠠᠯᠢ ᠲᠣᠭᠤᠷᠢᠭ ᠢ ᠪᠢᠲᠡᠭᠦᠮᠵᠢᠯᠡᠨ ᠡᠵᠡᠮᠳᠡᠬᠦ ᠲᠣᠭᠤᠷᠢᠭ ᠢᠶᠠᠷ ᠲᠣᠭᠲᠠᠭᠠᠵᠠᠶ᠃ 10 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ ᠰᠤᠷᠪᠤᠯᠵᠢᠯᠠᠭᠴᠢ  ᠹᠧᠩ‌ᠬᠤᠸᠠ ᠹᠦ᠋ ᠳ᠋ᠢ  ᠰᠠᠭᠤᠭᠠᠯᠢ ᠲᠤᠭᠤᠷᠢᠭ ᠲᠤ ᠬᠦᠷᠬᠦ ᠳᠤ᠂   ᠠᠵᠢᠯᠲᠠᠳ  ᠶᠠᠭᠠᠷᠠᠯᠳᠤᠨ ᠠᠵᠢᠯᠯᠠᠵᠤ ᠪᠠᠶᠢᠬᠤ ᠶᠢ ᠣᠯᠵᠤ ᠬᠠᠷᠠᠵᠠᠶ᠃  ᠪᠠᠺᠲ᠋ᠧᠷᠢ  ᠤᠰᠠᠳᠬᠠᠬᠤ ᠂ ᠠᠷᠢᠭᠤᠳᠬᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠭᠰᠡᠨ ᠤ ᠳᠠᠷᠠᠭ᠎ᠠ᠂ ᠠᠵᠢᠯᠲᠠᠳ ᠡᠴᠠ‌ᠡᠮᠬᠢᠯᠡᠵᠦ ᠳᠠᠭᠤᠰᠬᠠᠭᠰᠠᠨ ᠠᠮᠢᠳᠤᠷᠠᠯ ᠤᠨ ᠡᠳ᠋ ᠪᠣᠳᠠᠰ ᠢᠶᠠᠨ ᠰᠠᠶᠢᠨ  ᠳᠤᠷᠠᠴᠢᠨ ᠳᠤ ᠲᠤᠰᠢᠶᠠᠨ ᠥᠭᠴᠦ  ᠬᠦᠷᠭᠡᠭᠦᠯᠭᠡᠵᠦ ᠪᠠᠶᠢᠯ᠎ᠠ᠃ᠰᠤᠷᠪᠤᠯᠵᠢᠯᠠᠭ᠎ᠠ᠄      ᠰᠠᠶᠢᠨ  ᠳᠤᠷᠠᠴᠢᠨ ᠪᠤᠯᠬᠤ ᠨᠢ ᠨᠡᠯᠢᠶᠡᠳ ᠶᠠᠳᠠᠷᠠᠯᠲᠠᠢ᠂ ᠭᠡᠪᠡᠴᠦ ᠪᠢᠳᠡ ᠪᠦᠷ  ᠰᠠᠶᠢᠨ ᠳᠤᠷ᠎ᠠ ᠠᠴᠠ ᠪᠠᠨ ᠦᠢᠯᠡᠴᠢᠯᠡᠵᠦ ᠪᠠᠶᠢᠨ᠎ᠠ᠃  ᠮᠠᠨ ᠤ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ  ᠳᠤ ᠬᠤᠪᠢ ᠨᠡᠮᠡᠷᠢ ᠦᠵᠡᠭᠦᠯᠬᠦ ᠪᠣᠯ ᠪᠢᠳᠡᠨ ᠤ ᠭᠦᠢᠴᠡᠳᠬᠡᠪᠡᠰᠦ ᠵᠣᠬᠢᠬᠤ ᠡᠭᠦᠷᠭᠡ ᠮᠥᠨ᠂  ᠪᠢᠳᠡ ᠬᠠᠮᠲᠤ ᠪᠠᠷ ᠬᠢᠵᠢᠭ ᠤᠨ ᠪᠠᠶᠢᠳᠠᠯ ᠲᠠᠢ ᠲᠡᠮᠡᠴᠡᠵᠦ ᠢᠯᠠᠯᠲᠠ ᠤᠯᠤᠨ᠎ᠠ ᠭᠡᠳᠡᠭ ᠲᠤ ᠢᠲᠡᠭᠡᠯᠲᠡᠢ ᠪᠠᠶᠢᠨ᠎ᠠ᠃  ᠪᠢᠲᠡᠭᠦᠮᠵᠢᠯᠡᠨ ᠡᠵᠡᠮᠳᠡᠬᠦ ᠲᠣᠭᠤᠷᠢᠭ ᠤᠨ ᠣᠯᠠᠨ ᠲᠦᠮᠡᠨ ᠤ ᠬᠡᠪ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂  ᠰᠠᠭᠤᠭᠠᠯᠢ ᠠᠷᠠᠳ ᠰᠦᠯᠵᠢᠶᠡᠨ ᠳᠡᠭᠡᠷ᠎ᠡ ᠡᠳ᠋ ᠪᠣᠳᠠᠰ ᠬᠤᠳᠠᠯᠳᠤᠨ ᠠᠪᠤᠭᠰᠠᠨ ᠤ ᠳᠠᠷᠠᠭ᠎ᠠ  ᠲᠦᠷᠭᠡᠨ ᠬᠦᠷᠭᠡᠭᠴᠢ ᠠᠴᠠ ᠴᠠᠭ ᠲᠤᠬᠠᠶ ᠳᠤᠨᠢ ᠪᠠᠷᠠᠭ᠎ᠠ ᠳᠣᠭᠢᠷᠠᠭᠤᠯᠬᠤ ᠶᠢᠨ ᠬᠠᠮᠲᠤ  ᠲᠣᠭᠲᠠᠭᠠᠭᠰᠠᠨ ᠭᠠᠵᠠᠷ ᠲᠤ ᠬᠦᠷᠭᠡᠵᠦ᠂  ᠳᠠᠭᠠᠭᠠᠴᠢᠯᠠᠨ ᠬᠠᠷᠢᠭᠤᠴᠠᠵᠤ  ᠪᠠᠶᠢᠭ᠎ᠠ ᠪᠠᠶᠢᠭᠤᠯᠭ᠎ᠠ  ᠠᠴᠠ ᠳᠠᠷᠤᠶᠢᠬᠠᠨ ᠰᠠᠶᠢᠨ ᠳᠤᠷᠠᠴᠢᠨ᠂ ᠠᠷᠠᠳ ᠤᠨ ᠴᠠᠭᠳᠠᠭ᠎ᠠ᠂ ᠠᠵᠢᠯᠲᠠᠨ ᠢ ᠵᠣᠬᠢᠶᠠᠨ ᠪᠠᠶᠢᠭᠤᠯᠤᠨ ᠨᠢᠭᠡᠳᠦᠯᠲᠡᠶ ᠳᠣᠭᠢᠷᠠᠭᠤᠯᠤᠨ ᠭᠡᠷ  ᠲᠤᠨᠢ ᠬᠦᠷᠭᠡᠯᠭᠡᠵᠦ ᠪᠠᠶᠢᠨ᠎ᠠ᠃     ᠰᠤᠷᠪᠤᠯᠵᠢᠯᠠᠭ᠎ᠠ ᠳᠠᠭᠤᠰᠬᠤ  ᠦᠶ᠎ᠡ ᠳᠤ  ᠹᠧᠩ‌ᠬᠤᠸᠠ ᠹᠦ᠋ ᠳ᠋ᠢ   ᠰᠠᠭᠤᠭᠠᠯᠢ ᠲᠤᠭᠤᠷᠢᠭ ᠤᠨ  ᠨᠢᠭᠡᠳᠦᠭᠡᠷ ᠠᠰᠠᠷ ᠲᠤ ︽  ᠡᠷᠢᠶᠡᠨ ᠴᠢᠷᠮᠠᠢ︕ᠹᠧᠩ‌ᠬᠤᠸᠠ ᠹᠦ᠋ ᠳ᠋ᠢ ᠴᠢᠷᠮᠠᠶ ᡽  ︕︾ ᠭᠡᠵᠦ   ᠬᠠᠰᠬᠢᠷᠬᠤ ᠲᠠᠭᠤ ᠰᠤᠨᠤᠰᠲᠠᠯ᠎ᠠ᠂  ᠡᠨᠡ ᠪᠤᠯ   ᠪᠦᠬᠦ ᠬᠦᠮᠦᠰ ᠤᠨ ᠰᠡᠳᠬᠢᠯ ᠤᠨ ᠳᠠᠭᠤᠨ᠂  ᠡᠨᠡ ᠤᠳᠠᠭᠠᠨ ᠤ ᠬᠢᠵᠢᠭ ᠤᠨ ᠪᠠᠶᠢᠳᠠᠯ  ᠲᠠᠢ ᠲᠡᠮᠡᠴᠡᠵᠦ ᠢᠯᠠᠯᠲᠠ ᠤᠯᠤᠨ᠎ᠠ ᠭᠡᠳᠡᠭ ᠲᠤ ᠢᠲᠡᠭᠡᠯ ᠲᠡᠭᠦᠯᠳᠡᠷ ᠪᠠᠶᠢᠭ᠎ᠠ ᠲᠠᠭᠤᠨ ᠪᠤᠯᠤᠨ᠎ᠠ᠃ ᡽  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号