ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠵᠤ 2022 ᠣᠨ ᠤ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠢ ᠰᠤᠳᠤᠯᠤᠨ ᠪᠠᠶᠢᠷᠢᠯᠠᠭᠤᠯᠵᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠲᠦᠷᠢᠮ︾ ᠢ ᠬᠢᠨᠠᠨ ᠵᠥᠪᠯᠡᠪᠡ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2021/12/8
     ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 6 ᠤ ᠴᠠᠬᠢᠯᠭᠠᠨ ᠮᠡᠳᠡᠭᠡ  ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 12 ᠰᠠᠷ᠎ᠠ ᠶᠢᠨ 6 ᠤ ᠡᠳᠦᠷ ᠬᠤᠷᠠᠯ ᠬᠤᠷᠠᠯᠳᠤᠭᠤᠯᠵᠤ᠂ 2022 ᠣᠨ ᠤ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ︔ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2022 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠢ ᠰᠤᠳᠤᠯᠤᠨ ᠪᠠᠶᠢᠷᠢᠯᠠᠭᠤᠯᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠲᠦᠷᠢᠮ︾ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ᠃      ᠬᠤᠷᠠᠯ ᠠᠴᠠ᠂ ᠡᠨᠡ ᠵᠢᠯ ᠪᠣᠯ ᠨᠠᠮ ᠪᠣᠯᠤᠨ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠮᠥᠨ᠂ ᠪᠢᠳᠡ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠲᠠ ᠪᠣᠯᠤᠨ ᠡᠷᠢᠨ ᠵᠠᠭᠤᠨ ᠳᠤ ᠲᠤᠬᠢᠶᠠᠯᠳᠤᠭ᠎ᠠ ᠦᠭᠡᠢ ᠬᠢᠵᠢᠭ ᠤᠨ ᠪᠠᠶᠢᠳᠠᠯ ᠢ ᠯᠠᠪᠳᠠᠭᠤᠨ ᠢᠶᠠᠷ ᠠᠷᠭᠠᠴᠡᠭᠠᠵᠤ᠂ ᠥᠭᠡᠷᠡᠴᠢᠯᠡᠯᠲᠡ ᠬᠥᠭᠵᠢᠯᠲᠡ ᠶᠢᠨ ᠪᠡᠷᠬᠡ ᠬᠠᠲᠠᠭᠤᠵᠢᠯᠲᠠᠶ ᠡᠭᠦᠷᠭᠡ ᠶᠢ ᠴᠢᠷᠮᠠᠶᠢᠨ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠪᠦᠬᠦ ᠪᠥᠮᠪᠥᠷᠴᠡᠭ ᠤᠨ ᠲᠡᠷᠢᠭᠦᠨ ᠤ ᠪᠠᠶᠢᠷᠢ ᠰᠠᠭᠤᠷᠢ ᠪᠠᠨ ᠪᠠᠲᠤᠯᠠᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠲᠦᠷᠭᠡᠨ ᠬᠥᠭᠵᠢᠵᠦ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠤᠨ ᠳᠠᠪᠠᠭᠤᠯᠢᠭ ᠳᠡᠭᠡᠭᠰᠢᠯᠡᠵᠤ᠂ ᠥᠭᠡᠷᠡᠴᠢᠯᠡᠯᠲᠡ ᠨᠡᠭᠡᠭᠡᠯᠳᠠ ᠭᠦᠨᠵᠡᠭᠡᠶᠢᠷᠡᠨ ᠠᠬᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠦᠲᠦᠮᠵᠢᠲᠡᠢ ᠪᠤᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠦᠷᠭᠦᠯᠵᠢᠯᠡᠨ ᠠᠬᠢᠪᠠ ᠭᠡᠵᠦ ᠦᠵᠡᠪᠡ᠃      ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠦ᠂ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠢ ᠶᠢᠨ ᠡᠷᠬᠢᠯᠳᠡ ᠵᠦᠢ ᠵᠣᠬᠢᠰᠲᠠᠢ ᠣᠷᠣᠨ ᠪᠠᠶᠢᠷᠢ ᠳᠤ ᠪᠠᠶᠢᠬᠤ ᠶᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠬᠡᠷᠡᠭᠲᠡᠢ᠃ ᠬᠤᠷᠸ᠎ᠠ ᠲᠦᠷᠦ ᠶᠢᠨ ᠪᠤᠳᠤᠯᠭ᠎ᠠ ᠶᠢ ᠯᠠᠪᠳᠠᠭᠤᠨ ᠪᠥᠭᠡᠳ ᠪᠦᠲᠦᠮᠵᠢᠲᠡᠢ ᠪᠠᠶᠢᠯᠭᠠᠵᠤ᠂ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠤᠳᠤᠯᠭ᠎ᠠ ᠪᠠ ᠵᠣᠭᠤᠰᠣᠨ ᠤ ᠯᠠᠪᠳᠠᠭᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠬᠡᠷᠡᠭᠳᠠᠢ᠃ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠤᠳᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠨᠤᠴᠠᠲᠠᠢ᠂ ᠦᠷᠭᠦᠯᠵᠢᠯᠡᠬᠦᠶᠢᠴᠡ ᠪᠠᠶᠢᠬᠤ ᠶᠢ ᠨᠡᠩ ᠴᠢᠬᠤᠯᠠᠴᠢᠯᠠᠬᠤ ᠬᠡᠷᠡᠭᠲᠡᠢ᠃ ᠵᠣᠭᠤᠰᠣᠨ ᠤ ᠯᠠᠪᠳᠠᠭᠤᠨ ᠲᠦᠷᠦ ᠶᠢᠨ ᠪᠤᠳᠤᠯᠭ᠎ᠠ ᠶᠢ ᠠᠮᠢᠳᠤᠯᠢᠭ ᠪᠥᠭᠡᠳ ᠲᠣᠬᠢᠷᠠᠮᠵᠢᠲᠠᠢ ᠪᠠᠶᠢᠯᠭᠠᠵᠤ᠂ ᠭᠦᠢᠯᠭᠡᠭᠡᠨ ᠤ ᠴᠢᠨᠠᠷ ᠤᠨ ᠵᠦᠢ ᠵᠣᠬᠢᠰᠲᠠᠢ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠᠶᠢᠯᠳᠤᠬᠤ ᠪᠤᠳᠤᠯᠭ᠎ᠠ ᠶᠢ ᠰᠠᠶᠢᠲᠤᠷ ᠬᠡᠷᠡᠭᠵᠢᠭᠦᠯᠵᠦ᠂ ᠬᠡᠷᠡᠭᠯᠡᠭᠡ ᠶᠢᠨ ᠦᠷᠭᠦᠯᠵᠢᠯᠡᠨ ᠰᠡᠷᠭᠦᠬᠦ ᠶᠢ ᠠᠬᠢᠭᠤᠯᠤᠨ᠂ ᠪᠦᠲᠦᠮᠵᠢᠲᠡᠢ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠭᠡᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠬᠤ ᠬᠡᠷᠡᠭᠳᠠᠢ᠃ ᠬᠤᠮᠠᠬᠢ ᠲᠦᠷᠦ ᠶᠢᠨ ᠪᠤᠳᠤᠯᠭ᠎ᠠ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠪᠦᠲᠦᠴᠡ ᠶᠢᠨ ᠲᠦᠷᠦ ᠶᠢᠨ ᠪᠤᠳᠤᠯᠭ᠎ᠠ ᠪᠠᠷ ᠤᠯᠤᠰ ᠠᠷᠠᠳ ᠤᠨ ᠠᠵᠤ ᠠᠬᠤᠢ ᠶᠢᠨ ᠡᠷᠬᠢᠯᠳᠡ ᠶᠢ ᠬᠦᠴᠦᠯᠠᠨ ᠰᠢᠯᠤᠭᠤᠳᠬᠠᠵᠤ᠂ ᠦᠢᠯᠡᠳᠬᠦ ᠦᠢᠯᠡᠰ ᠤᠨ ᠭᠤᠣᠯᠯᠠᠬᠤ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠢ ᠴᠢᠩᠭᠠᠳᠬᠠᠬᠤ ᠬᠡᠷᠡᠭᠲᠡᠢ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠲᠠᠸᠠᠷ ᠤᠨ ᠭᠡᠷ ᠪᠠᠶᠢᠰᠢᠩ ᠤᠨ ᠵᠠᠬ᠎ᠠ ᠳᠡᠯᠭᠡᠭᠦᠷ ᠭᠡᠷ ᠪᠠᠶᠢᠰᠢᠩ ᠬᠤᠳᠠᠯᠳᠤᠨ ᠠᠪᠤᠭᠴᠢ ᠶᠢᠨ ᠵᠦᠢ ᠵᠣᠬᠢᠰᠲᠠᠢ ᠣᠷᠣᠨ ᠰᠠᠭᠤᠴᠠ ᠶᠢᠨ ᠬᠡᠷᠡᠭᠴᠡᠭᠡ ᠶᠢ ᠨᠡᠩ ᠰᠠᠶᠢᠨ ᠬᠠᠩᠭᠠᠬᠤ ᠶᠢ ᠲᠡᠮᠵᠢᠵᠤ᠂ ᠭᠡᠷ ᠭᠠᠵᠠᠷ ᠤᠨ ᠬᠦᠷᠦᠩᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠪᠠ ᠰᠠᠶᠢᠨ ᠰᠠᠶᠢᠬᠠᠨ ᠣᠷᠴᠢᠯ ᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦ ᠶᠢᠨ ᠪᠤᠳᠤᠯᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠤᠭᠤᠮᠳᠠ ᠰᠢᠪᠳᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠷᠠᠭᠤᠯᠤᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠰ᠂ ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠣᠷᠴᠢᠯ ᠢ ᠪᠡᠶᠡᠯᠡᠭᠦᠯᠬᠦ ᠬᠡᠷᠡᠭᠲᠡᠢ᠃ ᠥᠭᠡᠷᠡᠴᠢᠯᠡᠯᠲᠡ ᠨᠡᠭᠡᠭᠡᠯᠳᠠ ᠶᠢᠨ ᠲᠦᠷᠦ ᠶᠢᠨ ᠪᠤᠳᠤᠯᠭ᠎ᠠ ᠪᠠᠷ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠵᠤ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠪᠦᠲᠦᠮᠵᠢᠲᠡᠢ ᠠᠬᠢᠭᠤᠯᠵᠤ᠂ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠰᠠᠶᠢᠲᠤᠷ ᠠᠳᠬᠤᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠶᠢ ᠥᠷᠭᠡᠳᠭᠡᠬᠦ ᠬᠡᠷᠡᠭᠲᠡᠢ᠃ ᠨᠡᠶᠢᠭᠡᠮ ᠤᠨ ᠲᠦᠷᠦ ᠶᠢᠨ ᠪᠤᠳᠤᠯᠭ᠎ᠠ ᠪᠠᠷ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠳᠤᠯᠠᠵᠤ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠦᠷᠡᠵᠢᠯ ᠤᠨ ᠰᠢᠨ᠎ᠡ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠢ ᠲᠥᠯᠥᠪᠵᠢᠭᠦᠯᠬᠦ ᠶᠢ ᠠᠬᠢᠭᠤᠯᠵᠤ᠂ ᠪᠠᠶᠢᠩᠭᠤ ᠰᠠᠭᠤᠭ᠎ᠠ ᠭᠠᠵᠠᠷ ᠠᠴᠠ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠲᠦᠷᠢᠮ ᠢ ᠪᠦᠷᠢᠨᠰᠢᠬᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃      ᠬᠤᠷᠠᠯ ᠠᠴᠠ᠂ ᠦᠨᠦ ᠵᠢᠯ ᠤᠨ ᠡᠴᠦᠰ ᠢᠷᠡᠬᠦ ᠵᠢᠯ ᠤᠨ ᠡᠬᠢᠨ ᠤ ᠡᠯ᠎ᠠ ᠲᠠᠯ᠎ᠠ ᠶᠢᠨ ᠠᠵᠢᠯ ᠢ ᠰᠠᠶᠢᠲᠤᠷ ᠬᠢᠵᠦ᠂ ᠠᠷᠠᠳ ᠤᠯᠠᠨ ᠤ ︽ᠬᠤᠶᠠᠷ ᠪᠠᠶᠠᠷ︾ ᠢ ᠰᠠᠶᠢᠲᠤᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠤᠳᠤᠨ᠎ᠠ ᠪᠠᠨ ᠲᠠᠬᠢᠨ ᠲᠠᠷᠬᠠᠨ ᠳᠡᠯᠭᠡᠷᠡᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠣᠨᠢᠨ ᠲᠡᠭᠡᠷ᠎ᠡ ᠨᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠨᠡᠭᠦᠷᠡᠰᠦ ᠴᠠᠬᠢᠯᠭᠠᠨ ᠲᠣᠰᠣ ᠬᠡᠢ ᠲᠡᠭᠡᠭᠡᠪᠦᠷᠢ ᠶᠢᠨ ᠪᠠᠳᠤᠯᠠᠭ᠎ᠠ ᠶᠢᠨ ᠬᠠᠩᠭᠠᠯᠭ᠎ᠠ ᠶᠢ ᠨᠢᠭᠡᠳᠦᠯᠲᠡᠶ ᠲᠦᠯᠦᠪᠵᠢᠭᠦᠯᠦᠨ ᠲᠣᠬᠢᠷᠠᠭᠤᠯᠵᠤ᠂ ᠠᠷᠠᠳ ᠣᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠶ᠃ ᠬᠥᠯᠥᠰᠥᠨ ᠲᠠᠷᠢᠶᠠᠴᠢᠳ ᠤᠨ ᠴᠠᠯᠢᠩ ᠢ ᠥᠭᠬᠦ ᠶᠢ ᠪᠠᠲᠤᠯᠠᠬᠤ ᠬᠡᠷᠡᠭᠲᠡᠢ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠪᠡᠯᠡᠳᠭᠡᠯ ᠠᠵᠢᠯ ᠢ ᠰᠠᠶᠢᠲᠤᠷ ᠬᠢᠵᠦ᠂ ᠲᠣᠪᠴᠢ ᠠᠪᠰᠠᠷᠬᠠᠨ᠂ ᠠᠮᠤᠷ ᠲᠦᠪᠰᠢᠨ᠂ ᠭᠤᠶᠢᠳᠠ ᠰᠠᠶᠢᠬᠠᠨ ᠣᠯᠢᠮᠫᠢᠺ ᠤᠨ ᠦᠪᠡᠳᠡᠭᠰᠢ ᠴᠤᠭᠯᠠᠭᠠᠨ ᠪᠣᠯᠭᠠᠨ ᠡᠷᠬᠢᠯᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠤᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠨᠠᠮ ᠤᠨ ᠲᠦᠷᠢᠮ ᠪᠣᠯᠤᠨ ᠦᠨᠳᠦᠰᠦᠨ ᠬᠠᠤᠯᠢ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠰᠢᠳᠤᠷᠭᠤ ᠪᠠᠷ ᠭᠦᠢᠴᠡᠳᠭᠡᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ ︾ ᠶᠢ ᠪᠡᠶᠡᠯᠡᠬᠦᠯᠬᠦ ᠶᠢᠨ ᠲᠤᠭᠤᠷᠢᠨ ᠳᠤ ᠤᠯᠤᠰ ᠲᠥᠷᠥ ᠶᠢᠨ ᠬᠢᠨᠠᠯᠲᠠ ᠪᠠᠨ ᠴᠢᠩᠭᠠᠳᠬᠠᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠴᠥᠬᠦᠷᠡᠰᠢ ᠦᠭᠡᠢ ᠠᠬᠢᠭᠤᠯᠵᠤ᠂ ︽ᠳᠥᠷᠪᠡᠨ ᠰᠤᠷᠲᠠᠯ︾ ᠤᠨ ᠠᠷᠬᠠᠭ ᠬᠡᠮ ᠢ ᠬᠦᠴᠦᠯᠡᠨ ᠵᠠᠯᠠᠷᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠴᠠᠭ ᠢᠮᠠᠭᠲᠠ ᠵᠣᠭᠰᠣᠯ ᠦᠭᠡᠢ ᠠᠬᠢᠭᠤᠯᠵᠤ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠪᠣᠯᠤᠨ ᠰᠤᠷᠲᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠤᠯᠢ ᠪᠠᠷᠢᠬᠤ ᠳᠤ ᠬᠢᠨᠠᠯᠳᠠ ᠲᠠᠯᠪᠢᠬᠤ ᠠᠵᠢᠯ ᠢ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠥᠷᠨᠢᠭᠦᠯᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠬᠡᠪ ᠰᠤᠷᠲᠠᠯ ᠢ ᠲᠥᠪ ᠴᠢᠩᠭ᠎ᠠ ᠪᠤᠯᠭᠠᠵᠤ᠂ ︽ᠲᠦᠷᠪᠡᠨ ᠵᠦᠢᠯ ᠤᠨ ᠬᠡᠯᠪᠡᠷᠢ︾ ᠶᠢ ᠭᠦᠨᠵᠡᠭᠡᠢ ᠬᠡᠷᠡᠭᠯᠡᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ᠥᠪᠡᠷ ᠢ ᠪᠠᠨ ᠬᠢᠵᠠᠭᠠᠷᠯᠠᠬᠤ᠂ ᠥᠪᠡᠷ ᠢ ᠪᠠᠨ ᠴᠡᠪᠡᠷᠰᠢᠭᠦᠯᠬᠦ ᠡᠷᠴᠢᠮ ᠢ ᠴᠢᠩᠭᠠᠷᠠᠭᠤᠯᠵᠤ᠂ ᠢᠯᠵᠢᠷᠡᠬᠦ ᠠᠴᠠ ᠵᠢᠷᠤᠬᠡᠰᠢᠶᠡᠬᠦ᠂ ᠢᠯᠵᠢᠷᠡᠵᠦ ᠪᠣᠯᠬᠤ ᠦᠭᠡᠢ᠂ ᠢᠯᠵᠢᠷᠡᠬᠦ ᠶᠢ ᠪᠤᠳᠤᠬᠤ ᠦᠭᠡᠢ ᠶᠢ ᠨᠢᠭᠡ ᠴᠣᠭᠴᠠᠵᠢᠭᠤᠯᠤᠨ ᠠᠬᠢᠭᠤᠯᠬᠤ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠲᠠᠰᠤᠷᠠᠯᠳᠠ ᠦᠬᠡᠢ ᠲᠡᠭᠡᠭᠰᠢᠯᠡᠬᠦᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠠᠢ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠣᠯ ᠮᠠᠨ ᠤ ᠨᠠᠮ ᠤᠨ ᠪᠤᠰᠤᠳ ᠲᠦᠷᠦ ᠶᠢᠨ ᠨᠠᠮ ᠠᠴᠠ ᠢᠯᠭᠠᠭᠳᠠᠬᠤ ᠢᠯᠡᠷᠬᠡᠢ ᠪᠡᠯᠭᠡ ᠲᠡᠮᠳᠡᠭ ᠮᠥᠨ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠰᠢᠨ᠎ᠡ ᠴᠠᠭ ᠦᠶ᠎ᠡ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠲᠦᠷᠪᠡᠳᠤᠬᠡᠷ᠂ ᠲᠠᠪᠤᠳᠤᠭᠠᠷ᠂ ᠵᠢᠷᠭᠤᠳᠤᠭᠠᠷ ᠪᠦᠬᠦᠳᠠ ᠬᠤᠷᠠᠯ ᠤᠨ ᠵᠤᠷᠢᠬ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠠᠬᠢᠯᠲᠠ ᠲᠠᠢ ᠪᠠᠶᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠦᠨᠡᠨ ᠠᠴᠠ ᠵᠥᠪ ᠢ ᠡᠷᠢᠬᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠤᠬᠠᠮᠰᠠᠷ ᠠᠴᠠ ᠪᠠᠨ ᠬᠡᠷᠡᠭᠯᠡᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠨ ᠡᠭᠦᠷᠢᠳᠡ ᠬᠠᠳᠠᠭᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠪᠠᠷᠢᠮᠲᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠡᠴᠦᠰ ᠲᠤᠨᠢ ᠲᠤᠯᠲᠠᠯ᠎ᠠ ᠬᠢᠵᠤ᠂ ᠢᠯᠵᠢᠷᠡᠬᠦ ᠠᠴᠠ ᠵᠢᠷᠦᠬᠡᠰᠢᠶᠡᠬᠦ᠂ ᠢᠯᠵᠢᠷᠡᠵᠦ ᠪᠣᠯᠬᠤ ᠦᠭᠡᠢ᠂ ᠢᠯᠵᠢᠷᠡᠬᠦ ᠶᠢ ᠪᠤᠳᠤᠬᠤ ᠦᠬᠡᠢ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠯᠬᠠᠭᠠᠨ ᠰᠢᠢᠳᠭᠡᠵᠦ ᠰᠦᠷᠳᠡᠭᠦᠯᠬᠦ᠂ ᠳᠦᠷᠢᠮ ᠢᠶᠠᠷ ᠬᠢᠵᠠᠭᠠᠷᠯᠠᠬᠤ᠂ ᠤᠬᠠᠮᠰᠠᠷ ᠢᠶᠠᠨ ᠳᠡᠭᠡᠭᠰᠢᠯᠡᠭᠦᠯᠬᠦ ᠶᠢ ᠨᠢᠭᠡ ᠴᠣᠭᠴᠠᠵᠢᠭᠤᠯᠤᠨ ᠬᠦᠴᠦᠯᠡᠵᠤ᠂ ᠨᠡᠩ ᠤᠯᠠᠨ ᠲᠦᠷᠢᠮ ᠤᠨ ᠴᠢᠨᠠᠷᠲᠠᠢ ᠦᠷ᠎ᠡ ᠪᠦᠲᠦᠭᠡᠯ ᠪᠣᠯᠤᠨ ᠨᠡᠩ ᠶᠡᠭᠡ ᠵᠠᠰᠠᠯᠲᠠ ᠶᠢᠨ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠵᠢᠷᠤᠮᠵᠢᠭᠰᠡᠨ᠂ ᠬᠠᠤᠯᠢᠵᠢᠭᠰᠡᠨ᠂ ᠵᠢᠩᠬᠢᠨᠢᠴᠢᠯᠡᠭᠰᠡᠨ ᠪᠠᠶᠢᠭᠤᠯᠤᠯᠲᠠ ᠶᠢ ᠴᠢᠩᠭᠠᠳᠬᠠᠵᠤ᠂ ᠪᠠᠳᠤᠯᠠᠨ ᠬᠡᠷᠡᠭᠵᠢᠬᠦᠯᠬᠦ ᠳᠤ ᠬᠢᠨᠠᠯᠲᠠ ᠲᠠᠯᠪᠢᠬᠤ᠂ ᠲᠡᠭᠦᠯᠳᠡᠷᠵᠢᠭᠦᠯᠦᠨ ᠬᠦᠭᠵᠢᠬᠦᠯᠬᠦ ᠶᠢ ᠠᠬᠢᠭᠤᠯᠬᠤ ᠦᠢᠯᠡᠳᠦᠯ ᠢ ᠨᠡᠩ ᠰᠠᠶᠢᠳᠤᠷ ᠪᠠᠳᠠᠷᠠᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃      ᠲᠦᠷᠦᠭᠦᠬᠡᠨ᠂ ᠶᠡᠷᠦᠩᠬᠡᠶ ᠱᠦᠵᠢ ᠰᠢ ᠶᠢᠨ ᠫᠢᠩ ᠲᠥᠪ ᠤᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ 2021 ᠣᠨ ᠤ ᠠᠵᠢᠯ ᠤᠨ ᠪᠠᠶᠢᠳᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠪᠡᠯᠡᠳᠭᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠢᠷᠡᠬᠦ ᠵᠢᠯ ᠤᠨ 1 ᠰᠠᠷ᠎ᠠ ᠶᠢᠨ 18 ᠠᠴᠠ 20 ᠤ ᠡᠳᠦᠷ ᠪᠣᠯᠲᠠᠯ᠎ᠠ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠢ ᠬᠤᠷᠠᠯᠳᠤᠭᠤᠯᠬᠤ ᠶᠢ ᠵᠥᠪᠰᠢᠶᠡᠷᠡᠪᠡ᠃      ᠬᠤᠷᠠᠯ ᠠᠴᠠ᠂ ᠨᠠᠮ ᠤᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠤᠰᠬᠠᠢ ᠬᠠᠷᠢᠭᠤᠴᠠᠯᠭᠠᠲᠤ ᠪᠠᠶᠢᠭᠤᠯᠭ᠎ᠠ ᠪᠣᠯᠤᠨ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠲᠦᠷᠢᠮ︾ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠨᠤᠯ ᠤᠨ ᠦᠷ᠎ᠡ ᠪᠦᠲᠦᠭᠡᠯ᠂ ᠦᠢᠯᠡᠳᠦᠯᠭᠡ ᠶᠢᠨ ᠦᠷ᠎ᠡ ᠪᠦᠲᠦᠭᠡᠯ᠂ ᠲᠦᠷᠢᠮ ᠤᠨ ᠦᠷ᠎ᠡ ᠪᠦᠲᠦᠭᠡᠯ ᠢ ᠭᠦᠨᠵᠡᠭᠡᠢ ᠳ᠋ᠦᠩᠨᠡᠵᠦ᠂ ᠨᠠᠮ ᠤᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠪᠠᠶᠢᠭᠤᠯᠤᠮᠵᠢ᠂ ᠪᠤᠢ ᠪᠤᠯᠵᠤ ᠠᠵᠢᠯᠯᠠᠬᠤ᠂ ᠡᠭᠦᠷᠭᠡ ᠲᠤᠰᠢᠶᠠᠯ ᠬᠠᠷᠢᠭᠤᠴᠠᠯᠭ᠎ᠠ ᠵᠡᠷᠭᠡ ᠶᠢ ᠪᠦᠬᠦ ᠲᠠᠯ᠎ᠠ ᠪᠠᠷ ᠵᠢᠷᠤᠮᠵᠢᠭᠤᠯᠪᠠ᠃ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠲᠠᠰᠢᠷᠠᠮ ᠢᠶᠠᠷ ︽ᠲᠦᠷᠢᠮ︾ ᠢ ᠲᠣᠭᠲᠠᠭᠠᠨ ᠨᠡᠶᠢᠲᠡᠯᠡᠭᠰᠡᠨ ᠨᠢ ᠮᠠᠨ ᠤ ᠨᠠᠮ ᠤᠨ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠡᠷᠡᠰ ᠵᠣᠷᠢᠭ ᠢ ᠢᠯᠡᠷᠡᠭᠦᠯᠵᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠨᠠᠩ ᠰᠠᠶᠢᠲᠤᠷ ᠦᠶᠯᠡᠴᠢᠯᠡᠬᠦ ᠶᠢ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠲᠠᠯ᠎ᠠ ᠪᠠᠷ ᠰᠢᠨ᠎ᠡ ᠦᠢᠯᠡᠳᠦᠯ ᠴᠢᠳᠡᠪᠬᠢ ᠶᠢ ᠪᠠᠳᠠᠷᠠᠭᠤᠯᠵᠤ᠂ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠶᠢ ᠤᠶᠠᠯᠳᠤᠭᠤᠯᠬᠤ ᠲᠠᠯ᠎ᠠ ᠪᠠᠷ ᠰᠢᠨ᠎ᠡ ᠲᠣᠭᠲᠡᠴᠡ ᠶᠢ ᠪᠦᠷᠢᠯᠳᠦᠭᠦᠯᠵᠦ᠂ ᠰᠢᠰᠲ᠋ᠧᠮ ᠲᠠᠢ ᠵᠠᠰᠠᠬᠤ᠂ ᠥᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠶᠢ ᠪᠠᠷᠢᠮᠲᠠᠯᠠᠬᠤ ᠬᠡᠷᠡᠭᠲᠡᠶ᠃ ᠡᠷᠬᠡ ᠶᠢᠨ ᠵᠠᠭᠠᠭ ᠬᠢᠵᠠᠭᠠᠷ ᠢ ᠲᠣᠳᠣᠷᠬᠠᠢ ᠪᠣᠯᠭᠠᠵᠤ᠂ ᠳᠣᠲᠣᠭᠠᠳᠤ ᠡᠵᠡᠮᠳᠡᠯ ᠤᠨ ᠲᠣᠭᠲᠡᠴᠡ ᠶᠢ ᠴᠢᠩᠳᠠᠯᠠᠨ᠂ ᠬᠠᠤᠯᠢᠵᠢᠯ ᠤᠨ ᠰᠡᠳᠭᠢᠬᠦᠢ ᠪᠠ ᠬᠠᠤᠯᠢᠵᠢᠯ ᠤᠨ ᠠᠷᠭ᠎ᠠ ᠮᠠᠶ᠋ᠢᠭ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠢᠯᠵᠢᠷᠡᠯ ᠢ ᠰᠡᠷᠭᠡᠶᠢᠯᠡᠨ ᠵᠠᠰᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠮ᠎ᠡ ᠶᠣᠰᠣᠨ ᠳᠤ ᠨᠡᠶᠢᠴᠡᠭᠰᠡᠨ ᠵᠣᠬᠢᠶᠠᠨ ᠪᠠᠶᠢᠭᠤᠯᠤᠯᠲᠠ ᠶᠢᠨ ᠲᠦᠷᠢᠮ᠂ ᠠᠵᠢᠯᠯᠠᠭᠠᠨ ᠤ ᠠᠷᠭ᠎ᠠ ᠬᠡᠯᠪᠡᠷᠢ ᠪᠠ ᠬᠢᠨᠠᠨ ᠵᠥᠪᠰᠢᠶᠡᠷᠡᠬᠦ ᠲᠡᠰ ᠲᠠᠷᠠᠭᠠᠯᠠᠯ ᠢ ᠲᠠᠰᠤᠷᠠᠯᠳᠠ ᠦᠭᠡᠢ ᠪᠦᠷᠢᠨᠰᠢᠬᠦᠯᠬᠦ ᠬᠡᠷᠡᠭᠲᠡᠢ᠃ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢ ᠪᠠᠶᠢᠭᠤᠯᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠨ᠂ ᠦᠵᠡᠯ ᠰᠠᠨᠠᠭᠠᠨ ᠤ ᠳᠠᠪᠲᠠᠯᠲᠠ᠂ ᠤᠯᠤᠰ ᠲᠦᠷᠦ ᠶᠢᠨ ᠳᠠᠪᠲᠠᠯᠲᠠ᠂ ᠦᠢᠯᠡᠳᠦᠯᠭᠡ ᠶᠢᠨ ᠳᠠᠪᠲᠠᠯᠲᠠ᠂ ᠲᠤᠰᠬᠠᠢ ᠮᠡᠷᠭᠡᠵᠢᠯ ᠤᠨ ᠪᠣᠯᠪᠠᠰᠤᠷᠠᠯ ᠢᠶᠠᠨ ᠴᠢᠩᠭᠠᠳᠬᠠᠵᠤ᠂ ᠲᠤᠰ ᠪᠡᠶ᠎ᠡ ᠶᠢᠨ ᠡᠭᠡᠯᠢᠯᠡᠭᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠡᠳᠭᠢᠯ ᠳᠡᠭᠡᠨ ᠬᠠᠷᠢᠭᠤᠴᠠᠯᠭ᠎ᠠ ᠪᠠᠨ ᠪᠤᠳᠤᠵᠦ᠂ ᠪᠡᠶ᠎ᠡ ᠳᠡᠭᠡᠨ ᠬᠠᠷᠢᠭᠤᠴᠠᠯᠭ᠎ᠠ ᠡᠭᠦᠷᠭᠡᠯᠡᠨ᠂ ᠠᠵᠢᠯᠯᠠᠭ᠎ᠠ ᠲᠡᠭᠡᠷ᠎ᠡ ᠪᠠᠨ ᠬᠠᠷᠢᠭᠤᠴᠠᠯᠭ᠎ᠠ ᠪᠠᠨ ᠭᠦᠢᠴᠡᠳᠭᠡᠵᠦ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠵᠢᠷᠦᠮᠯᠠᠨ ᠬᠠᠤᠯᠢ ᠴᠠᠭᠠᠵᠠ ᠶᠢ ᠰᠠᠬᠢᠬᠤ ᠬᠡᠪ ᠳᠠᠭᠤᠷᠢᠶᠠᠯ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号