ᠰᠢ ᠶᠢᠨ ᠫᠢᠩ᠄ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ ᠱᠠᠰᠢᠨ ᠰᠤᠷᠲᠠᠬᠤᠨ ᠤ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠯᠳᠤᠬᠤ ᠶᠢ ᠢᠳᠡᠪᠬᠢᠲᠡᠶ ᠬᠥᠲᠥᠯᠥᠨ ᠵᠢᠯᠣᠭᠤᠳᠬᠤ ᠬᠡᠷᠡᠭᠲᠡᠢ
ᠨᠡᠶᠢᠲᠡᠯᠡᠭᠰᠡᠨ ᠴᠠᠭ᠄
2021/12/8
     ᠯᠢ ᠺᠧ ᠴᠢᠶᠠᠩ ᠬᠤᠷᠠᠯ ᠢ ᠡᠷᠬᠢᠯᠡᠵᠦ  ᠯᠢ ᠵᠠᠨ ᠱᠣ᠋  ᠸᠠᠩ ᠬᠣ᠋ ᠨᠢᠩ  ᠵᠤᠤ ᠯᠧ ᠵᠶᠢ  ᠬᠠᠨ ᠵᠧᠩ ᠬᠤᠷᠠᠯ ᠳᠤ ᠣᠷᠣᠯᠴᠠᠵᠤ  ᠸᠠᠩ ᠶᠠᠩ ᠶᠠᠷᠢᠶ᠎ᠠ ᠲᠠᠯᠪᠢᠵᠠᠢ      ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 4 ᠤ ᠴᠠᠬᠢᠯᠭᠠᠨ ᠮᠡᠳᠡᠭᠡ  ᠪᠦᠬᠦ ᠤᠯᠤᠰ ᠤᠨ ᠱᠠᠰᠢᠨ ᠰᠤᠷᠲᠠᠬᠤᠨ ᠤ ᠠᠵᠢᠯ ᠤᠨ ᠬᠤᠷᠠᠯ 12 ᠰᠠᠷ᠎ᠠ ᠶᠢᠨ 3 ᠠᠴᠠ 4 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠣᠨᠣᠯ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠢᠲᠦᠯᠭᠡ ᠡᠷᠬᠡ ᠴᠢᠯᠥᠭᠡᠲᠡᠢ ᠪᠠᠶᠢᠬᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠤ ᠨᠡᠶᠢᠭᠡᠮ ᠵᠢᠷᠤᠮᠲᠤ ᠨᠡᠶᠢᠭᠡᠮ ᠯᠦᠭᠡ ᠬᠠᠷᠢᠯᠴᠠᠨ ᠵᠣᠬᠢᠴᠠᠯᠳᠤᠬᠤ ᠶᠢ ᠢᠳᠡᠪᠬᠢᠳᠡᠢ ᠬᠦᠳᠦᠯᠦᠨ ᠵᠢᠯᠤᠭᠤᠳᠴᠤ᠂ ᠱᠠᠰᠢᠨ ᠰᠤᠷᠲᠠᠬᠤᠨ ᠤ ᠡᠲᠡᠭᠡᠳ ᠤᠨ ᠬᠢᠨ ᠤ ᠥᠪᠡᠷ ᠢ ᠪᠠᠨ ᠬᠠᠮᠢᠶᠠᠷᠬᠤ ᠲᠦᠪᠰᠢᠨ ᠢ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠱᠠᠰᠢᠨ ᠰᠢᠲᠦᠳᠡᠭ ᠣᠯᠠᠨ ᠲᠦᠮᠡᠨ ᠢ ᠨᠠᠩ ᠰᠠᠶᠢᠳᠤᠷ ᠵᠣᠬᠢᠶᠠᠨ ᠪᠠᠶᠢᠭᠤᠯᠤᠨ ᠬᠥᠲᠥᠯᠥᠨ ᠵᠢᠯᠣᠭᠤᠳᠴᠤ ᠥᠷᠭᠡᠨ ᠣᠯᠠᠨ ᠠᠷᠠᠳ ᠲᠦᠮᠡᠨ ᠲᠠᠢ ᠬᠠᠮᠲᠤ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠬᠦ ᠲᠠᠯ᠎ᠠ ᠪᠠᠷ ᠪᠦᠳᠦᠬᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ  ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃      12 ᠰᠠᠷ᠎ᠠ ᠶᠢᠨ 3 ᠠᠴᠠ 4 ᠤ ᠡᠳᠦᠷ ᠪᠣᠯᠲᠠᠯ᠎ᠠ᠂ ᠪᠦᠬᠦ ᠤᠯᠤᠰ ᠤᠨ ᠱᠠᠰᠢᠨ ᠰᠤᠷᠲᠠᠬᠤᠨ ᠤ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠢᠩ ᠬᠠᠢ ᠲᠤᠤ ᠰᠠᠬᠦᠳᠡᠷᠯᠡᠪᠠ      ᠯᠢ ᠺᠧ ᠴᠢᠶᠠᠩ ᠬᠤᠷᠠᠯ ᠢ ᠡᠷᠬᠢᠯᠡᠪᠡ᠃ ᠯᠢ ᠵᠠᠨ ᠱᠣ᠋᠂ ᠸᠠᠩ ᠬᠣ᠋ ᠨᠢᠩ᠂ ᠵᠤᠤ ᠯᠧ ᠵᠶᠢ᠂ ᠬᠠᠨ ᠵᠧᠩ ᠬᠤᠷᠠᠯ ᠳᠤ ᠣᠷᠣᠯᠴᠠᠪᠠ᠃ ᠸᠠᠩ ᠶᠠᠩ ᠳ᠋ᠦᠩᠨᠡᠯᠲᠡ ᠶᠢᠨ ᠶᠠᠷᠢᠶ᠎ᠠ ᠲᠠᠯᠪᠢᠪᠠ᠃      ᠰᠢ ᠶᠢᠨ ᠫᠢᠩ ᠶᠠᠷᠢᠶᠠᠨ ᠳᠠᠭᠠᠨ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠱᠠᠰᠢᠨ ᠰᠤᠷᠲᠠᠬᠤᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠱᠠᠰᠢᠨ ᠰᠤᠷᠲᠠᠬᠤᠨ ᠤ ᠠᠵᠢᠯ ᠢ ᠰᠢᠨ᠎ᠡ ᠶᠢ ᠡᠭᠦᠳᠦᠨ ᠠᠬᠢᠭᠤᠯᠵᠤ᠂ ᠢᠳᠡᠪᠬᠢᠲᠡᠢ ᠦᠷ᠎ᠡ ᠪᠦᠲᠦᠮᠵᠢ ᠤᠯᠪᠠ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠨᠡᠩ ᠪᠦᠬᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠠᠵᠢᠯ ᠤᠨ ᠪᠠᠶᠢᠭᠤᠯᠤᠮᠵᠢ ᠲᠣᠭᠲᠠᠴᠠ ᠴᠢᠨᠠᠬᠰᠢᠳᠠ ᠲᠡᠭᠦᠯᠳᠡᠷᠵᠢᠵᠤ᠂ ᠱᠠᠰᠢᠨ ᠰᠤᠷᠲᠠᠬᠤᠨ ᠤ ᠠᠵᠢᠯ ᠤᠨ ᠬᠠᠤᠯᠢ ᠴᠠᠭᠠᠵᠠ ᠶᠢᠨ ᠰᠢᠰᠲ᠋ᠧᠮ ᠪᠠ ᠲᠦᠷᠦ ᠶᠢᠨ ᠪᠤᠳᠤᠯᠭ᠎ᠠ ᠶᠢᠨ ᠪᠦᠲᠦᠴᠡ ᠡᠳᠦᠷ ᠢᠷᠡᠬᠦᠶ᠎ᠡ ᠪᠦᠷᠢᠨᠰᠢᠵᠦ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠪᠠ ᠱᠠᠰᠢᠨ ᠰᠢᠲᠦᠳᠡᠭ ᠤᠯᠠᠨ ᠲᠦᠮᠡᠨ ᠤ ᠬᠠᠤᠯᠢ ᠶᠢ ᠬᠦᠨᠳᠦᠳᠭᠡᠬᠦ ᠬᠠᠤᠯᠢ ᠶᠢ ᠰᠤᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠤᠬᠠᠮᠰᠠᠷ ᠲᠠᠰᠤᠷᠠᠯᠲᠠ ᠦᠭᠡᠢ ᠴᠢᠩᠭᠠᠷᠠᠨ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠠᠯᠬᠤᠮ ᠠᠯᠬᠤᠮ ᠢᠶᠠᠷ ᠭᠦᠨᠵᠡᠭᠡᠶᠢᠷᠡᠬᠦ ᠶᠢ ᠠᠬᠢᠭᠤᠯᠵᠠᠢ᠃ ᠱᠠᠰᠢᠨ ᠰᠤᠷᠲᠠᠬᠤᠨ ᠤ ᠡᠲᠡᠭᠡᠳ ᠤᠨ ᠬᠢᠨ ᠡᠬᠡ ᠤᠯᠤᠰ ᠢᠶᠠᠨ ᠬᠠᠶᠢᠷᠠᠯᠠᠬᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠶᠡᠭᠡ ᠲᠠᠯ᠎ᠠ ᠶᠢ ᠡᠷᠬᠢᠮᠯᠡᠵᠦ᠂ ᠬᠠᠤᠯᠢᠵᠢᠯ ᠢ ᠡᠷᠬᠢᠮᠯᠡᠵᠦ᠂ ᠰᠢᠨᠵᠢᠯᠡᠬᠦ ᠤᠬᠠᠭᠠᠨ ᠢ ᠡᠷᠬᠢᠮᠯᠡᠵᠦ᠂ ᠬᠠᠶᠢᠷ᠎ᠠ ᠬᠠᠯᠠᠮᠵᠢ ᠶᠢ ᠡᠷᠬᠢᠮᠯᠡᠵᠦ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠪᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ ᠱᠠᠰᠢᠨ ᠰᠤᠷᠲᠠᠬᠤᠨ ᠤ ᠠᠵᠢᠯ ᠤᠨ ᠲᠤᠬᠠᠶ ᠠᠯᠢ ᠣᠯᠠᠨ ᠰᠢᠨ᠎ᠡ ᠣᠶᠢᠯᠠᠭᠠᠭᠳᠠᠬᠤᠨ ᠰᠢᠨ᠎ᠡ ᠠᠷᠭ᠎ᠠ ᠬᠡᠮᠵᠢᠶ᠎ᠡ ᠶᠢ ᠳᠤᠷᠠᠳᠴᠤ᠂ ᠰᠢᠨ᠎ᠡ ᠴᠠᠭ ᠦᠶ᠎ᠡ ᠳᠤ ᠱᠠᠰᠢᠨ ᠰᠤᠷᠲᠠᠬᠤᠨ ᠢ ᠬᠡᠷᠬᠢᠨ ᠲᠠᠨᠢᠬᠤ᠂ ᠱᠠᠰᠢᠨ ᠰᠤᠷᠲᠠᠬᠤᠨ ᠤ ᠠᠰᠠᠭᠤᠳᠠᠯ ᠢ ᠬᠡᠷᠬᠢᠨ ᠰᠢᠶᠳᠪᠦᠷᠢᠯᠡᠬᠦ᠂ ᠨᠠᠮ ᠤᠨ ᠱᠠᠰᠢᠨ ᠰᠤᠷᠲᠠᠬᠤᠨ ᠤ ᠠᠵᠢᠯ ᠢ ᠬᠡᠷᠬᠢᠨ ᠰᠠᠶᠢᠲᠤᠷ ᠬᠢᠬᠦ ᠵᠡᠷᠭᠡ ᠴᠢᠬᠤᠯᠠ ᠶᠡᠭᠡ ᠣᠨᠣᠯ ᠤᠨ ᠪᠠ ᠦᠶᠯᠡᠳᠦᠯᠭᠡ ᠶᠢᠨ ᠠᠰᠠᠭᠤᠳᠠᠯ ᠳᠤ ᠬᠠᠷᠢᠭᠤᠯᠲᠠ ᠥᠭᠴᠡᠶ᠃ ᠡᠷᠬᠡᠪᠰᠢ ᠱᠠᠰᠢᠨ ᠰᠤᠷᠲᠠᠬᠤᠨ ᠤ ᠠᠵᠢᠯ ᠢ ᠰᠠᠶᠢᠳᠤᠷ ᠬᠢᠬᠦ ᠶᠢᠨ ᠨᠠᠮ ᠪᠠ ᠤᠯᠤᠰ ᠤᠨ ᠠᠵᠢᠯ ᠤᠨ ᠪᠦᠬᠦ ᠲᠠᠯ᠎ᠠ ᠳᠠᠬᠢ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠡᠷᠬᠡᠪᠰᠢ ᠴᠢᠩᠭ᠎ᠠ ᠬᠦᠴᠦᠲᠡᠢ ᠤᠳᠤᠷᠢᠳᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠱᠠᠰᠢᠨ ᠰᠤᠷᠲᠠᠬᠤᠨ ᠤ ᠤᠨᠤᠯ ᠢ ᠪᠠᠷᠢᠮᠲᠠᠯᠠᠨ ᠬᠥᠭᠵᠢᠭᠦᠯᠵᠦ᠂ ᠡᠷᠬᠡᠪᠰᠢ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠡᠷᠬᠡᠪᠰᠢ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠡᠷᠬᠡᠪᠰᠢ ᠥᠷᠭᠡᠨ ᠤᠯᠠᠨ ᠱᠠᠰᠢᠨ ᠰᠢᠲᠦᠳᠡᠭ ᠤᠯᠠᠨ ᠲᠦᠮᠡᠨ ᠢ ᠨᠠᠮ ᠪᠠ ᠵᠠᠰᠠᠭ ᠤᠨ ᠣᠷᠳᠣᠨ ᠤ ᠲᠣᠭᠤᠷᠢᠨ ᠳᠤ ᠪᠦᠯᠬᠦᠮᠳᠡᠭᠦᠯᠬᠦ ᠶᠢ ᠪᠠᠷᠢᠮᠲᠠᠯᠠᠵᠤ᠂ ᠡᠷᠬᠡᠪᠰᠢ ᠢᠳᠡᠪᠬᠢᠲᠡᠢ ᠪᠥᠭᠡᠳ ᠡᠷᠡᠭᠦᠯ ᠱᠠᠰᠢᠨ ᠰᠤᠷᠲᠠᠬᠤᠨ ᠤ ᠬᠠᠷᠢᠴᠠᠭ᠎ᠠ ᠶᠢ ᠪᠠᠶᠢᠭᠤᠯᠵᠤ᠂ ᠡᠷᠬᠡᠪᠰᠢ ᠱᠠᠰᠢᠨ ᠰᠤᠷᠲᠠᠬᠤᠨ ᠤ ᠪᠦᠯᠬᠦᠮ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠵᠦ᠂ ᠡᠷᠬᠡᠪᠰᠢ ᠱᠠᠰᠢᠨ ᠰᠤᠷᠲᠠᠬᠤᠨ ᠤ ᠠᠵᠢᠯ ᠤᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠱᠠᠰᠢᠨ ᠰᠢᠲᠦᠯᠭᠡ ᠡᠷᠬᠡ ᠴᠢᠯᠥᠭᠡᠲᠡᠢ ᠪᠠᠶᠢᠬᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠠᠨ ᠲᠦᠮᠡᠨ ᠤ ᠱᠠᠰᠢᠨ ᠰᠢᠲᠦᠯᠭᠡ ᠶᠢ ᠬᠦᠨᠳᠦᠳᠭᠡᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠪᠡᠶ᠎ᠡ ᠪᠠᠨ ᠳᠠᠭᠠᠭᠠᠵᠤ ᠡᠵᠡᠨ ᠮᠡᠳᠡᠵᠦ ᠥᠪᠡᠷ ᠢᠶᠠᠨ ᠡᠷᠬᠢᠯᠡᠬᠦ ᠵᠠᠷᠴᠢᠮ ᠢ ᠪᠠᠷᠢᠮᠲᠠᠯᠠᠵᠤ᠂ ᠱᠠᠰᠢᠨ ᠰᠤᠷᠲᠠᠬᠤᠨ ᠤ ᠨᠡᠶᠢᠭᠡᠮ ᠵᠢᠷᠤᠮᠲᠤ ᠨᠡᠶᠢᠭᠡᠮ ᠯᠦᠭᠡ ᠬᠠᠷᠢᠯᠴᠠᠨ ᠵᠣᠬᠢᠴᠠᠯᠳᠤᠬᠤ ᠶᠢ ᠢᠳᠡᠪᠬᠢᠳᠡᠢ ᠬᠦᠳᠤᠯᠤᠨ ᠵᠢᠯᠤᠭᠤᠳᠬᠤ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠮᠥᠨ ᠴᠢᠨᠠᠷ ᠪᠣᠯ ᠤᠯᠠᠨ ᠲᠦᠮᠡᠨ ᠤ ᠠᠵᠢᠯ ᠮᠥᠨ᠃ ᠱᠠᠰᠢᠨ ᠰᠢᠲᠦᠳᠡᠭ ᠤᠯᠠᠨ ᠲᠦᠮᠡᠨ ᠪᠠ ᠱᠠᠰᠢᠨ ᠦᠯᠦ ᠰᠢᠲᠦᠳᠡᠭ ᠤᠯᠠᠨ ᠲᠦᠮᠡᠨ ᠤ ᠤᠯᠤᠰ ᠲᠦᠷᠦ ᠠᠵᠤ ᠠᠬᠤᠢ ᠶᠢᠨ ᠲᠠᠯ᠎ᠠ ᠪᠠᠷ ᠬᠢ ᠦᠨᠳᠦᠰᠦᠨ ᠠᠰᠢᠭ ᠲᠤᠰᠠ ᠪᠣᠯ ᠨᠢᠭᠡᠳᠦᠯᠲᠡᠢ ᠪᠠᠶᠢᠳᠠᠭ᠂ ᠴᠥᠮ ᠨᠠᠮ ᠤᠨ ᠲᠦᠷᠦ ᠪᠠᠷᠢᠬᠤ ᠤᠯᠠᠨ ᠲᠦᠮᠡᠨᠴᠢ ᠰᠠᠭᠤᠷᠢ ᠮᠥᠨ᠃ ᠱᠠᠰᠢᠨ ᠰᠢᠲᠦᠳᠡᠭ ᠤᠯᠠᠨ ᠲᠦᠮᠡᠨ ᠤ ᠱᠠᠰᠢᠨ ᠰᠢᠲᠦᠯᠭᠡ ᠡᠷᠬᠡ ᠴᠢᠯᠥᠭᠡᠲᠡᠢ ᠪᠠᠶᠢᠬᠤ ᠡᠷᠬᠡ ᠶᠢ ᠬᠠᠮᠠᠭᠠᠯᠠᠵᠤ᠂ ᠱᠠᠰᠢᠨ ᠰᠢᠲᠦᠳᠡᠭ ᠤᠯᠠᠨ ᠲᠦᠮᠡᠨ ᠲᠠᠢ ᠬᠠᠮᠤᠭ ᠤᠨ ᠶᠡᠭᠡ ᠬᠡᠮᠵᠢᠶ᠎ᠡ ᠪᠠᠷ ᠪᠦᠯᠬᠦᠮᠳᠡᠬᠦ ᠮᠥᠷᠲᠡᠭᠡᠨ ᠪᠠᠰᠠ ᠱᠠᠰᠢᠨ ᠰᠢᠲᠦᠳᠡᠭ ᠤᠯᠠᠨ ᠲᠦᠮᠡᠨ ᠤ ᠠᠵᠢᠯ ᠢ ᠬᠦᠯᠢᠴᠡᠩᠭᠦᠢ ᠨᠢᠮᠪᠠᠢ ᠬᠢᠬᠦ ᠬᠡᠷᠡᠭᠲᠡᠢ᠃ ᠱᠠᠰᠢᠨ ᠰᠤᠷᠲᠠᠬᠤᠨ ᠤ ᠪᠦᠯᠬᠦᠮ ᠪᠣᠯ ᠨᠠᠮ ᠪᠠ ᠵᠠᠰᠠᠭ ᠤᠨ ᠣᠷᠳᠣᠨ ᠠᠴᠠ ᠱᠠᠰᠢᠨ ᠰᠤᠷᠲᠠᠬᠤᠨ ᠤ ᠡᠲᠡᠭᠡᠳ ᠤᠨ ᠬᠢᠨ ᠪᠠ ᠥᠷᠭᠡᠨ ᠤᠯᠠᠨ ᠱᠠᠰᠢᠨ ᠰᠢᠲᠦᠳᠡᠭ ᠤᠯᠠᠨ ᠲᠦᠮᠡᠨ ᠲᠠᠢ ᠪᠦᠯᠬᠦᠮᠳᠡᠬᠦ ᠪᠠ ᠬᠠᠷᠢᠯᠴᠠᠬᠤ ᠶᠢᠨ ᠬᠥᠭᠦᠷᠭᠡ ᠬᠤᠯᠪᠣᠭᠠᠰᠤ ᠮᠥᠨ᠂ ᠲᠡᠳᠡᠨ ᠤ ᠠᠵᠢᠯ ᠢᠶᠠᠨ ᠥᠷᠨᠢᠭᠦᠯᠬᠦ ᠳᠤ ᠴᠢᠬᠤᠯᠠ ᠪᠦᠬᠦᠢ ᠳᠡᠮᠵᠢᠯᠭᠡ ᠬᠠᠪᠰᠤᠷᠤᠯᠭ᠎ᠠ ᠦᠵᠡᠬᠦᠯᠵᠤ᠂ ᠲᠡᠳᠡᠨ ᠤ ᠱᠠᠰᠢᠨ ᠰᠤᠷᠲᠠᠬᠤᠨ ᠤ ᠳᠣᠲᠣᠭᠠᠳᠤ ᠶᠢᠨ ᠬᠡᠷᠡᠭ ᠶᠠᠪᠤᠳᠠᠯ ᠳᠠᠬᠢ ᠦᠢᠯᠡᠳᠦᠯ ᠢ ᠬᠦᠨᠳᠦᠳᠭᠡᠨ ᠪᠠᠳᠠᠷᠠᠭᠤᠯᠬᠤ ᠬᠡᠷᠡᠭᠲᠡᠢ ᠭᠡᠵᠦ ᠵᠢᠭᠠᠵᠦ ᠭᠠᠷᠭᠠᠵᠠᠢ᠃      ᠰᠢ ᠶᠢᠨ ᠫᠢᠩ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠶᠢ ᠭᠦᠨᠵᠡᠭᠡᠢ ᠠᠬᠢᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠵᠢᠯᠤᠭᠤᠳᠤᠯᠭ᠎ᠠ ᠪᠣᠯᠭᠠᠬᠤ ᠶᠢ ᠬᠦᠲᠦᠯᠦᠨ ᠵᠢᠯᠤᠭᠤᠳᠤᠨ ᠲᠡᠮᠵᠢᠵᠦ᠂ ᠱᠠᠰᠢᠨ ᠰᠤᠷᠲᠠᠬᠤᠨ ᠤ ᠡᠲᠡᠭᠡᠳ ᠤᠨ  ᠬᠢᠨ ᠪᠣᠯᠤᠨ ᠱᠠᠰᠢᠨ ᠰᠢᠲᠦᠳᠡᠭ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠬᠡᠷᠡᠭᠲᠡᠢ᠃ ᠱᠠᠰᠢᠨ ᠰᠤᠷᠲᠠᠬᠤᠨ ᠤ ᠡᠲᠡᠭᠡᠳ ᠤᠨ ᠬᠢᠨ ᠳᠤ ᠤᠯᠤᠰ ᠢᠶᠠᠨ ᠬᠠᠶᠢᠷᠠᠯᠠᠬᠤ ᠦᠵᠡᠯ᠂ ᠬᠠᠮᠲᠤᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠥᠷᠨᠢᠭᠦᠯᠵᠦ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠬᠥᠮᠦᠵᠢᠯ ᠢ ᠬᠠᠨᠳᠤᠯᠭᠠᠲᠤ ᠴᠢᠨᠠᠷᠲᠠᠢ ᠪᠠᠷ ᠴᠢᠩᠭᠠᠳᠬᠠᠵᠤ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠪᠠ ᠱᠠᠰᠢᠨ ᠰᠢᠲᠦᠳᠡᠭ ᠤᠯᠠᠨ ᠲᠦᠮᠡᠨ ᠤ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠳᠤᠮᠳᠠᠳᠤ ᠶᠢᠨ ᠰᠣᠶᠣᠯ ᠢ ᠪᠠᠳᠠᠷᠠᠭᠤᠯᠬᠤ ᠶᠢ ᠬᠦᠲᠦᠯᠦᠨ ᠵᠢᠯᠣᠭᠤᠳᠬᠤ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠪᠡᠶ᠎ᠡ ᠪᠠᠨ ᠳᠠᠭᠠᠭᠠᠵᠤ ᠡᠵᠡᠨ ᠮᠡᠳᠡᠨ ᠥᠪᠡᠷ ᠢᠶᠠᠨ ᠡᠷᠬᠢᠯᠡᠬᠦ ᠵᠠᠷᠴᠢᠮ ᠢ ᠪᠠᠷᠢᠮᠲᠠᠯᠠᠵᠤ᠂ ᠬᠤᠯᠪᠣᠭᠳᠠᠯ ᠪᠦᠬᠦᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠢᠨᠲ᠋ᠧᠷ ᠰᠦᠯᠵᠢᠶᠡᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠮᠠᠨ ᠤ ᠤᠯᠤᠰ ᠤᠨ ᠱᠠᠰᠢᠨ ᠰᠤᠷᠲᠠᠬᠤᠨ ᠤ ᠡᠷᠡᠭᠦᠯ ᠢᠶᠠᠷ ᠤᠯᠠᠮᠵᠢᠯᠠᠬᠤ ᠶᠢ ᠨᠥᠯᠥᠭᠡᠯᠡᠵᠦ ᠪᠠᠶᠢᠭ᠎ᠠ ᠲᠣᠪᠣᠶᠢᠮ᠎ᠠ ᠠᠰᠠᠭᠤᠳᠠᠯ ᠢ ᠦᠨᠡᠨ ᠬᠦ ᠰᠢᠶᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠵᠠᠢ᠃      ᠰᠢ ᠶᠢᠨ ᠫᠢᠩ᠂ ᠱᠠᠰᠢᠨ ᠰᠤᠷᠲᠠᠬᠤᠨ ᠤ ᠡᠲᠡᠭᠡᠳ ᠤᠨ ᠬᠢᠨ ᠤ ᠥᠪᠡᠷ ᠢ ᠪᠠᠨ ᠬᠥᠮᠦᠵᠢᠭᠦᠯᠬᠦ᠂ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠢᠵᠠᠭᠠᠷᠯᠠᠬᠤ ᠶᠢ ᠳᠡᠮᠵᠢᠨ ᠬᠥᠲᠥᠯᠥᠨ ᠵᠢᠯᠣᠭᠤᠳᠴᠤ᠂ ᠱᠠᠰᠢᠨ ᠰᠤᠷᠲᠠᠬᠤᠨ ᠢ ᠪᠥᠬᠦ ᠲᠠᠯ᠎ᠠ ᠪᠠᠷ ᠴᠢᠩᠭ᠎ᠠ ᠵᠠᠰᠠᠵᠤ᠂ ᠲᠦᠷᠦᠭᠦᠯᠡᠨ ᠬᠠᠤᠯᠢ ᠶᠢ ᠰᠠᠬᠢᠵᠤ ᠳᠦᠷᠢᠮ ᠢ ᠵᠢᠷᠤᠮᠯᠠᠵᠤ᠂ ᠱᠠᠰᠢᠨ ᠰᠤᠷᠲᠠᠬᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠶ᠃ ᠱᠠᠰᠢᠨ ᠰᠤᠷᠲᠠᠬᠤᠨ ᠤ ᠪᠦᠯᠬᠦᠮ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠳᠤᠷᠢᠳᠬᠤ ᠪᠠᠭ ᠤᠨ ᠪᠦᠷᠢᠯᠳᠦᠬᠦᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠱᠠᠰᠢᠨ ᠰᠤᠷᠲᠠᠬᠤᠨ ᠤ ᠠᠵᠢᠯ ᠤᠨ ᠬᠠᠤᠯᠢᠵᠢᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠬᠡᠷᠡᠭᠲᠡᠢ᠃ ᠱᠠᠰᠢᠨ ᠰᠤᠷᠲᠠᠬᠤᠨ ᠤ ᠠᠵᠢᠯᠯᠠᠭ᠎ᠠ ᠶᠢ ᠬᠠᠤᠯᠢ ᠲᠣᠭᠲᠠᠭᠠᠯ ᠳᠤ ᠲᠣᠭᠲᠠᠭᠠᠭᠰᠠᠨ ᠬᠡᠪᠴᠢᠶᠡᠨ ᠳᠣᠲᠣᠷ᠎ᠠ ᠥᠷᠨᠢᠭᠦᠯᠬᠦ ᠬᠡᠷᠡᠭᠲᠡᠢ᠂ ᠠᠷᠠᠳ ᠢᠷᠭᠡᠨ ᠤ ᠪᠡᠶ᠎ᠡ ᠶᠢᠨ ᠡᠷᠡᠭᠦᠯ ᠮᠡᠨᠳᠤ ᠶᠢ ᠬᠤᠬᠢᠷᠠᠭᠤᠯᠵᠤ ᠪᠣᠯᠬᠤ ᠦᠭᠡᠢ᠂ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠠᠴᠠ ᠵᠥᠷᠢᠴᠡᠵᠦ ᠪᠣᠯᠬᠤ ᠦᠭᠡᠢ᠂ ᠰᠤᠷᠭᠠᠨ ᠬᠥᠮᠦᠵᠢᠯ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠡᠭᠦᠷᠭᠡ ᠴᠢᠳᠠᠪᠬᠢ ᠪᠠ ᠨᠡᠶᠢᠭᠡᠮ ᠤᠨ ᠠᠮᠢᠳᠤᠷᠠᠯ ᠳᠤ ᠭᠠᠷ ᠲᠦᠷᠦᠵᠦ ᠪᠣᠯᠬᠤ ᠦᠭᠡᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ ᠦᠵᠡᠯᠲᠡ ᠶᠢ ᠨᠡᠪᠲᠡᠷᠡᠲᠡᠯ᠎ᠠ ᠤᠶᠢᠯᠠᠭᠠᠬᠤ᠂ ᠱᠠᠰᠢᠨ ᠰᠤᠷᠲᠠᠬᠤᠨ ᠤ ᠠᠵᠢᠯ ᠳᠤ ᠴᠠᠭᠠᠷᠠᠭᠰᠠᠨ᠂ ᠱᠠᠰᠢᠨ ᠰᠢᠲᠦᠳᠡᠭ ᠤᠯᠠᠨ ᠲᠦᠮᠡᠨ ᠤ ᠠᠵᠢᠯ ᠢ ᠬᠢᠬᠦ ᠳᠡᠭᠡᠨ ᠴᠢᠳᠠᠮᠠᠭᠠᠢ ᠪᠠᠶᠢᠳᠠᠭ ᠨᠠᠮ ᠵᠠᠰᠠᠭ ᠤᠨ ᠺᠠᠳ᠋ᠷ ᠤᠨ ᠡᠩᠨᠡᠭᠡ ᠶᠢ ᠬᠥᠮᠦᠵᠢᠭᠦᠯᠵᠦ᠂ ᠲᠡᠳᠡᠨ ᠳᠤ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ ᠦᠵᠡᠯᠲᠡ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠣᠯᠤᠨ ᠴᠢᠭᠯᠡᠯᠲᠡ ᠲᠦᠷᠦ ᠶᠢᠨ ᠪᠤᠳᠤᠯᠭ᠎ᠠ᠂ ᠱᠠᠰᠢᠨ ᠰᠤᠷᠲᠠᠬᠤᠨ ᠤ ᠮᠡᠳᠡᠯᠭᠡ ᠶᠢ ᠭᠦᠨᠵᠡᠭᠡᠢ ᠰᠤᠷᠤᠯᠴᠠᠭᠤᠯᠵᠤ᠂ ᠵᠢᠯᠣᠭᠤᠳᠬᠤ ᠴᠢᠳᠠᠪᠤᠷᠢ ᠶᠢ ᠨᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ ᠨᠠᠶᠢᠳᠠᠪᠤᠷᠢᠲᠠᠢ᠂ ᠱᠠᠰᠢᠨ ᠰᠤᠷᠲᠠᠬᠤᠨ ᠤ ᠲᠠᠯ᠎ᠠ ᠪᠠᠷ ᠠᠮᠵᠢᠯᠲᠠ ᠲᠠᠢ᠂ ᠶᠣᠰᠣ ᠰᠤᠷᠲᠠᠬᠤᠨ ᠤ ᠲᠠᠯ᠎ᠠ ᠪᠠᠷ ᠤᠯᠠᠨ ᠢ ᠪᠢᠰᠢᠷᠡᠭᠦᠯᠵᠦ ᠳᠡᠶᠢᠯᠬᠦ᠂ ᠵᠠᠩᠭᠢᠯᠠᠭ᠎ᠠ ᠶᠢᠨ ᠦᠶ᠎ᠡ ᠳᠤ ᠦᠢᠯᠡᠳᠦᠯ ᠦᠵᠡᠭᠦᠯᠵᠦ ᠲᠡᠶᠢᠯᠬᠦ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠬᠥᠮᠦᠰ ᠤᠨ ᠡᠩᠨᠡᠭᠡ ᠶᠢ ᠬᠥᠮᠦᠵᠢᠭᠦᠯᠬᠦ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ ᠦᠵᠡᠯᠲᠡ ᠶᠢ ᠪᠠᠷᠢᠮᠲᠠᠯᠠᠳᠠᠭ᠂ ᠰᠢᠯᠢᠳᠡᠭ ᠰᠠᠶᠢᠨ ᠰᠤᠷᠤᠯᠴᠠᠬᠤ ᠰᠤᠷᠲᠠᠯ ᠲᠠᠢ᠂ ᠰᠢᠨ᠎ᠡ ᠶᠢ ᠡᠭᠦᠳᠬᠦ ᠳᠡᠭᠡᠨ ᠴᠢᠳᠠᠮᠠᠭᠠᠢ ᠪᠠᠶᠢᠳᠠᠭ ᠱᠠᠰᠢᠨ ᠰᠤᠷᠲᠠᠬᠤᠨ ᠤ ᠤᠬᠠᠭᠠᠨ ᠤ ᠰᠤᠳᠤᠯᠤᠯ ᠤᠨ ᠡᠩᠨᠡᠭᠡ ᠶᠢ ᠬᠥᠮᠦᠵᠢᠭᠦᠯᠵᠦ᠂ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ ᠤᠬᠠᠭᠠᠨ ᠤ ᠰᠢᠨᠵᠢᠯᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠱᠠᠰᠢᠨ ᠰᠤᠷᠲᠠᠬᠤᠨ ᠤ ᠠᠵᠢᠯ ᠤᠨ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠵᠤ᠂ ᠨᠠᠮ ᠤᠨ ᠬᠤᠷᠢᠶ᠎ᠠ ᠠᠴᠠ ᠤᠳᠤᠷᠢᠳᠤᠬᠰᠠᠨ᠂ ᠵᠠᠰᠠᠭ ᠤᠨ ᠣᠷᠳᠣᠨ ᠬᠠᠮᠢᠶᠠᠷᠤᠬᠰᠠᠨ᠂ ᠨᠡᠶᠢᠭᠡᠮ ᠠᠴᠠ ᠬᠠᠮᠵᠢᠯᠴᠠᠬᠰᠠᠨ᠂ ᠱᠠᠰᠢᠨ ᠰᠤᠷᠲᠠᠬᠤᠨ ᠤ ᠬᠢᠨ ᠥᠪᠡᠷ ᠢ ᠪᠠᠨ ᠱᠠᠭᠠᠷᠳᠠᠬᠰᠠᠨ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠱᠠᠰᠢᠨ ᠰᠤᠷᠲᠠᠬᠤᠨ ᠤ ᠠᠵᠢᠯ ᠳᠤ ᠬᠤᠯᠪᠣᠭᠳᠠᠬᠤ ᠴᠢᠬᠤᠯᠠ ᠶᠡᠭᠡ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠰᠠᠭᠤᠷᠢ ᠶᠢ ᠲᠠᠯᠪᠢᠬᠤ᠂ ᠠᠯᠤᠰ ᠬᠡᠳᠦ ᠳᠤ ᠠᠰᠢᠭᠲᠠᠢ ᠠᠵᠢᠯ ᠢ ᠢᠯᠡᠭᠦᠬᠡᠨ ᠬᠢᠵᠦ᠂ ᠴᠥᠬᠦᠷᠡᠰᠢ ᠦᠭᠡᠢ ᠪᠠᠶᠢᠩᠭᠤ ᠠᠳᠬᠤᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠯᠢ ᠺᠧ ᠴᠢᠶᠠᠩ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠱᠠᠰᠢᠨ ᠰᠤᠷᠲᠠᠬᠤᠨ ᠤ ᠠᠵᠢᠯ ᠤᠨ ᠠᠮᠵᠢᠯᠲᠠ ᠪᠠ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠱᠠᠰᠢᠨ ᠰᠤᠷᠲᠠᠬᠤᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠭᠦᠨᠵᠡᠭᠡᠶ ᠵᠠᠳᠠᠯᠵᠤ᠂ ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠤᠨ ᠰᠢᠨ᠎ᠡ ᠦᠵᠡᠯ ᠰᠠᠨᠠᠭ᠎ᠠ ᠰᠢᠨ᠎ᠡ ᠣᠶᠢᠯᠠᠭᠠᠭᠳᠠᠬᠤᠨ ᠰᠢᠨ᠎ᠡ ᠪᠠᠶᠢᠯᠳᠤᠬᠤ ᠪᠣᠳᠣᠯᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ᠂ ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠶᠢᠨ ᠵᠢᠯᠣᠭᠤᠳᠬᠤ ᠦᠵᠡᠯ ᠰᠠᠨᠠᠭ᠎ᠠ᠂ ᠪᠠᠶᠢᠯᠳᠤᠬᠤ ᠪᠤᠳᠤᠯᠭ᠎ᠠ ᠶᠢᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠳᠤᠷᠬᠠᠶᠢᠯᠠᠵᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠦᠵᠡᠯ ᠰᠠᠨᠠᠭᠠᠴᠢ ᠴᠢᠨᠠᠷ᠂ ᠤᠨᠤᠯ ᠤᠨ ᠴᠢᠨᠠᠷ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠲᠤᠯᠭᠤᠷ ᠪᠢᠴᠢᠭ ᠮᠥᠨ᠂ ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠨ ᠦᠭᠴᠦ᠂ ᠦᠨᠳᠦᠰᠦᠨ ᠵᠢᠷᠤᠮᠯᠠᠯ ᠬᠠᠩᠭᠠᠪᠠ᠃ ᠨᠠᠷᠢᠨ ᠬᠢᠨᠠᠮᠠᠭᠠᠢ ᠰᠤᠷᠤᠯᠴᠠᠨ ᠤᠶᠢᠯᠠᠭᠠᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠸᠠᠩ ᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠶᠡᠭᠡ ᠲᠠᠯ᠎ᠠ ᠶᠢ ᠠᠵᠢᠭᠯᠠᠨ ᠶᠡᠭᠡ ᠬᠠᠨᠳᠤᠰᠢ ᠶᠢ ᠪᠣᠳᠣᠯᠬᠢᠯᠠᠵᠤ᠂ ᠴᠢᠭᠯᠡᠯ ᠢ ᠵᠢᠭᠠᠨ ᠠᠷᠭ᠎ᠠ ᠪᠣᠳᠣᠯᠭ᠎ᠠ ᠶᠢ ᠲᠣᠳᠣᠷᠬᠠᠶᠢᠯᠠᠵᠤ᠂ ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠤᠨ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠶᠯᠡᠳᠦᠯᠭᠡ ᠶᠢᠨ ᠠᠰᠠᠭᠤᠳᠠᠯ ᠳᠤ ᠭᠦᠨᠵᠡᠭᠡᠶ ᠬᠠᠷᠢᠭᠤᠯᠲᠠ ᠥᠭᠴᠡᠶ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠶᠯᠡᠳᠦᠯᠭᠡ ᠶᠢᠨ ᠬᠠᠮᠤᠭ ᠤᠨ ᠰᠢᠨ᠎ᠡ ᠳ᠋ᠦᠩᠨᠡᠯᠲᠡ ᠮᠥᠨ᠂ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ ᠦᠵᠡᠯᠲᠡ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠱᠠᠰᠢᠨ ᠰᠤᠷᠲᠠᠬᠤᠨ ᠤ ᠣᠨᠣᠯ ᠤᠨ ᠬᠠᠮᠤᠭ ᠤᠨ ᠰᠢᠨ᠎ᠡ ᠬᠥᠭᠵᠢᠯᠲᠡ ᠮᠥᠨ᠂ ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠶᠡᠷᠦᠩᠬᠡᠶ ᠬᠥᠲᠥᠯᠪᠦᠷᠢ ᠮᠥᠨ᠃ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠣᠯᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠤᠢᠢᠯᠠᠭᠠᠨ ᠲᠤᠭᠤᠰᠢᠯᠠᠭᠤᠯᠵᠤ᠂ ᠭᠤᠣᠯᠯᠠᠬᠤ ᠴᠢᠬᠤᠯᠠ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠰᠤᠷᠤᠯᠴᠠᠬᠤ ᠰᠡᠳᠭᠢᠬᠦ ᠬᠡᠷᠡᠭᠯᠡᠬᠦ ᠶᠢ ᠨᠡᠪᠲᠡᠷᠡᠭᠦᠯᠵᠦ᠂ ᠮᠡᠳᠡᠬᠦᠢ ᠢᠲᠡᠭᠡᠬᠦᠢ ᠬᠢᠬᠦᠢ ᠪᠠᠨ ᠨᠢᠭᠡᠳᠭᠡᠬᠦ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠨ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠬᠠᠤᠯᠢᠵᠢᠯ ᠤᠨ ᠰᠡᠳᠭᠢᠬᠦᠢ ᠪᠠ ᠬᠤᠯᠢᠵᠢᠯ ᠤᠨ ᠠᠷᠭ᠎ᠠ ᠬᠡᠯᠪᠡᠷᠢ ᠶᠢ ᠴᠢᠳᠠᠮᠠᠭᠠᠢ ᠬᠡᠷᠡᠭᠯᠡᠨ ᠱᠠᠰᠢᠨ ᠰᠤᠷᠲᠠᠬᠤᠨ ᠤ ᠬᠦᠷᠢᠶᠡᠨ ᠳᠠᠬᠢ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠵᠦ᠂ ᠮᠠᠨ ᠤ ᠤᠯᠤᠰ ᠤᠨ ᠱᠠᠰᠢᠨ ᠰᠤᠷᠲᠠᠬᠤᠨ ᠤ ᠡᠷᠡᠭᠦᠯ ᠢᠶᠠᠷ ᠤᠯᠠᠮᠵᠢᠯᠠᠬᠳᠠᠬᠤ ᠶᠢ ᠠᠬᠢᠭᠤᠯᠵᠤ᠂ ᠱᠠᠰᠢᠨ ᠰᠤᠷᠲᠠᠬᠤᠨ ᠤ ᠨᠡᠶᠢᠭᠡᠮ ᠵᠢᠷᠤᠮᠲᠤ ᠨᠡᠶᠢᠭᠡᠮ ᠯᠦᠭᠡ ᠬᠠᠷᠢᠯᠴᠠᠨ ᠵᠣᠬᠢᠴᠠᠯᠳᠤᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠲᠠᠢ ᠵᠣᠬᠢᠴᠠᠯᠳᠤᠬᠤ ᠶᠢ ᠢᠳᠡᠪᠬᠢᠲᠡᠢ ᠬᠦᠳᠦᠯᠦᠨ ᠵᠢᠯᠣᠭᠤᠳᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠰᠤᠷᠤᠯᠴᠠᠨ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠠᠳᠬᠤᠵᠤ᠂ ᠬᠡᠷᠡᠭᠵᠢᠭᠦᠯᠬᠦ ᠰᠠᠨᠠᠯ ᠢ ᠲᠣᠭᠲᠠᠭᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃      ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠪᠣᠯᠤᠨ ᠱᠠᠰᠢᠨ ᠰᠤᠷᠲᠠᠬᠤᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ᠂ ᠳᠡᠳ᠋ ᠮᠤᠵᠢ ᠶᠢᠨ ᠲᠡᠰ ᠤᠨ ᠬᠤᠳᠠ ᠶᠢᠨ ᠨᠠᠮ ᠤᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ ᠠᠩᠬᠢ ᠶᠢᠨ ᠬᠤᠯᠪᠣᠭᠳᠠᠯ ᠪᠦᠬᠦᠢ ᠨᠢᠭᠡᠴᠢ᠂ ᠬᠤᠯᠪᠣᠭᠳᠠᠯ ᠪᠦᠬᠦᠢ ᠰᠤᠳᠤᠯᠭᠠᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ ᠤᠲᠠᠰᠤ ᠬᠤᠷᠠᠯ ᠤᠨ ᠬᠡᠯᠪᠡᠷᠢ ᠪᠠᠷ ᠬᠤᠷᠠᠯᠳᠤᠵᠤ᠂ ᠡᠯ᠎ᠡ ᠮᠤᠵᠢ ᠣᠷᠣᠨ ᠬᠤᠳᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号