︽ᠡᠷᠢᠶᠡᠨ ᠲᠡᠮᠦᠷ ᠵᠠᠮ ᠤᠨ ᠪᠣᠭᠤᠮᠲᠠ ᠶᠢᠨ 2021 ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2021/12/9
   
  ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠢᠶᠡᠨ ᠬᠤᠲᠠ ᠶᠢᠨ ᠠᠷᠪᠠᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠰᠠᠶ᠋ᠢᠬᠠᠨ ᠲᠡᠭᠦᠰᠦᠮᠡᠭᠴᠡ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠳᠤ ︽ᠬᠤᠶᠠᠷ ᠪᠠᠶᠠᠷ︾ ᠢ ᠤᠭᠲᠤᠨ ᠠᠪᠴᠢᠷᠠᠪᠠ᠂ ᠨᠢᠭᠡ ᠳᠤ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 33 ᠡᠳᠦᠷ ᠤᠨ ᠡᠮᠦᠨ᠎ᠡ 1550 ᠲᠦᠮᠡᠨ ᠲᠣᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠪᠡᠶᠡᠯᠡᠭᠦᠯᠪᠡ᠂ ᠬᠤᠶᠠᠷ ᠲᠤ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ ᠨᠡᠶᠢᠲᠡ 2500 ᠭᠠᠷᠤᠶ ᠵᠠᠯᠭᠠᠨ ᠲᠡᠭᠡᠭᠡᠪᠦᠷᠢᠯᠡᠵᠦ᠂ ᠠᠳᠠᠯᠢ ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠪᠡ᠃        ᠤᠢᠢᠷ᠎ᠠ ᠶᠢᠨ ᠵᠢᠯ ᠠᠴᠠ᠂ ᠮᠠᠨ ᠤ ᠤᠯᠤᠰ ᠤᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠬᠤ ᠶᠢ ᠲᠠᠭᠠᠯᠳᠤᠨ᠂ ᠡᠷᠢᠶᠡᠨ ᠤ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠪᠠᠷᠠᠭᠠᠨ ᠤ ᠲᠡᠭᠡᠭᠡᠪᠦᠷᠢ ᠶᠢᠨ ᠬᠡᠪᠴᠢᠶ᠎ᠡ ᠵᠢᠯ ᠳᠠᠷᠠᠭᠠᠯᠠᠨ ᠨᠡᠮᠡᠭᠳᠡᠵᠦ᠂ ᠢᠯᠠᠩᠭᠤᠶ᠎ᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠨᠡᠪᠲᠡᠷᠡᠬᠦ ᠲᠤᠭ᠎ᠠ ᠶᠡᠬᠡᠪᠡᠷ ᠨᠡᠮᠡᠭᠳᠡᠵᠦ᠂ ᠳᠤᠮᠳᠠᠳᠤ ᠧᠦ᠋ᠷᠣᠫᠠ ᠵᠢᠴᠢ ᠵᠠᠮ ᠳᠠᠭᠠᠤ ᠶᠢᠨ ᠤᠯᠤᠰ ᠤᠳ ᠤᠨ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠪᠠ ᠡᠳ᠋ ᠪᠣᠳᠠᠰ ᠤᠨ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠳᠤ ᠴᠢᠬᠤᠯᠠ ᠦᠢᠯᠡᠳᠦᠯ ᠦᠵᠡᠭᠦᠯᠪᠡ᠃        ᠡᠨᠡ ᠵᠢᠯ ᠠᠴᠠ ᠨᠠᠰᠢ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠥᠭᠡᠭᠡᠪᠦᠷᠢ ᠶᠢᠨ ᠬᠡᠮᠵᠢᠶ᠎ᠡ ᠂ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠦᠷᠭᠦᠯᠵᠢᠯᠡᠨ ᠨᠡᠮᠡᠭᠳᠡᠵᠦ ᠪᠠᠶᠢᠭ᠎ᠠ ᠪᠣᠳᠠᠲᠠᠢ ᠪᠠᠶᠢᠳᠠᠯ ᠤᠨ ᠡᠮᠦᠨ᠎ᠡ᠂ ᠡᠷᠢᠶᠡᠨ ᠤ ᠲᠡᠮᠦᠷ ᠵᠠᠮ ᠤᠨ ᠦᠷᠳᠡᠭᠡ ᠨᠢᠭᠡ ᠲᠠᠯ᠎ᠠ ᠪᠠᠷ ᠵᠥᠭᠡᠭᠡᠪᠦᠷᠢ ᠵᠢᠨ‌‍ᠬᠡᠮᠵᠢᠶ᠎ᠡ ᠶᠢ ᠠᠳᠬᠤᠵᠤ᠂ ᠨᠦᠬᠦᠬᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠳᠬᠤᠪᠠ᠃ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠶ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ ᠲᠤᠤᠱᠯᠠᠭᠤᠯᠵᠤ᠂ ︽ᠬᠥᠮᠦᠨ᠂ ᠪᠣᠳᠠᠰ᠂ ᠲᠥᠬᠦᠭᠡᠷᠦᠮᠵᠢ᠂ ᠣᠷᠴᠢᠨ ᠲᠣᠭᠤᠷᠢᠨ︾ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠵᠤ᠂ ᠲᠡᠭᠡᠭᠡᠪᠦᠷᠢ ᠶᠢᠨ ᠦᠢᠯᠡᠳᠪᠣᠷᠢᠯᠡᠯ ᠤᠨ ᠪᠣᠳᠠᠲᠠᠶ ᠲᠠᠢ ᠤᠶᠠᠯᠳᠤᠭᠤᠯᠤᠨ᠂ ᠠᠵᠢᠯᠲᠠᠨ ᠠᠵᠢᠯᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠤᠳᠠᠭ᠎ᠠ ᠶᠢ ᠨᠢᠭᠤᠴᠠᠯᠠᠨ᠂ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠢ ᠨᠢᠭᠡ ᠴᠤᠭᠴᠠᠵᠢᠭᠤᠯᠤᠨ ᠪᠢᠲᠡᠭᠦᠮᠵᠢᠯᠡᠨ ᠬᠠᠮᠢᠶᠠᠷᠬᠤ ᠶᠢ ᠴᠢᠩᠳᠠᠯᠠᠵᠤ᠂ ᠬᠢᠯᠢ ᠪᠠᠷ ᠣᠷᠣᠵᠤ ᠢᠷᠡᠬᠦ ᠲᠡᠷᠭᠡ ᠬᠥᠰᠬᠡ᠂ ᠣᠯᠠᠨ ᠨᠡᠶᠢᠲᠡ ᠶᠢᠨ ᠣᠷᠣᠨ ᠪᠦᠰᠡ ᠵᠢᠴᠢ ᠫᠢᠶᠣᠣ ᠪᠠᠷᠢᠮᠲᠠ ᠶᠢ ᠤᠰᠠᠳᠬᠠᠬᠤ ᠠᠵᠢᠯ ᠢ ᠰᠠᠶᠢᠲᠤᠷ ᠬᠢᠵᠦ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠥᠬᠦ ᠲᠠᠯ᠎ᠠ ᠪᠠᠷ ᠪᠠᠬᠢᠵᠢᠭᠦᠯᠦᠨ᠎ᠡ᠃        ᠣᠶᠢᠷ᠎ᠠ ᠶᠢᠨ ᠬᠤᠭᠤᠴᠠᠭᠠᠨ ᠤ ᠪᠣᠭᠤᠮᠲᠠ ᠶᠢᠨ ᠴᠢᠩᠭᠡᠯᠢᠭ ᠤᠨ ᠴᠤᠪᠤᠭ᠎ᠠ ᠲᠡᠷᠭᠡ ᠦᠳᠲᠡᠷ ᠲᠦᠷᠭᠡᠨ ᠨᠡᠮᠡᠭᠳᠡᠵᠦ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠡᠷᠢᠶᠡᠨ ᠲᠡᠮᠦᠷ ᠵᠠᠮ ᠤᠨ ᠲᠡᠷᠭᠡᠨ ᠥᠷᠲᠡᠭᠡ ᠨᠢ ᠮᠣᠩᠭᠤᠯ ᠤᠨ ᠲᠠᠯ᠎ᠠ ᠶᠢᠨ ᠲᠡᠮᠦᠷ ᠵᠠᠮ ᠤᠨ ᠰᠠᠯᠠᠭ᠎ᠠ ᠮᠥᠴᠢᠷ ᠤᠨ ᠬᠢᠯᠢ ᠪᠠᠷ ᠣᠷᠣᠵᠤ ᠢᠷᠡᠬᠦ ᠭᠠᠯᠲᠤ ᠲᠡᠷᠭᠡ ᠶᠢ ᠵᠣᠬᠢᠰᠲᠠᠶ ᠪᠠᠶᠢᠷᠢᠯᠠᠭᠤᠯᠬᠤ ᠲᠥᠯᠥᠪᠯᠡᠭᠡ ᠶᠢ ᠢᠳᠡᠪᠬᠢᠲᠡᠶ ᠵᠣᠬᠢᠴᠠᠭᠤᠯᠵᠤ᠂ ᠲᠤᠰᠬᠠᠶ ᠱᠤᠭᠤᠮ ᠨᠡᠭᠡᠭᠡᠨ ᠰᠢᠨ᠎ᠡ ᠴᠢᠩᠭᠡᠯᠢᠭ ᠤᠨ ᠠᠵᠢᠯᠯᠠᠬᠤ ᠲᠣᠭᠤᠷᠢᠭ ᠪᠣᠯᠭᠠᠵᠤ᠂ ᠲᠡᠷᠭᠡ ᠲᠣᠬᠢᠷᠠᠭᠤᠯᠬᠤ ᠲᠥᠯᠥᠪᠯᠡᠭᠡ ᠶᠢ ᠨᠠᠷᠢᠯᠢᠭ ᠪᠠᠶᠢᠷᠢᠯᠠᠭᠤᠯᠵᠤ᠂ ᠥᠷᠲᠡᠭᠡ ᠲᠣᠭᠤᠷᠢᠭ ᠤᠨ ᠠᠴᠢᠶᠠᠯᠠᠵᠤ ᠪᠠᠭᠤᠯᠭᠠᠬᠤ ᠮᠠᠰᠢᠨ ᠪᠠᠭᠠᠵᠢ ᠶᠢᠨ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠨ᠂ ᠴᠢᠩᠭᠡᠯᠢᠭ ᠤᠨ ᠪᠠᠷᠠᠭ᠎ᠠ ᠶᠢ ᠥᠷᠲᠡᠭᠡ ᠲᠠᠯᠠᠪᠤᠷ ᠲᠤ ᠳᠠᠷᠤᠭᠳᠠᠭᠤᠯᠬᠤ ᠠᠴᠠ ᠪᠥᠬᠦ ᠬᠦᠴᠦᠨ ᠢᠶᠠᠷ ᠢᠶᠠᠨ ᠵᠠᠶᠢᠯᠠᠰᠬᠢᠵᠦ᠂ ᠪᠣᠭᠤᠮᠲᠠ ᠶᠢᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃          12 ᠰᠠᠷ᠎ᠠ ᠶᠢᠨ 5 ᠤ ᠡᠳᠦᠷ ᠪᠣᠯᠲᠠᠯ᠎ᠠ᠂ ᠡᠷᠢᠶᠡᠨ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 1555.63 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ ᠨᠢ 1348.65 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.7% ᠪᠠᠷ ᠪᠠᠭᠠᠰᠪᠠ︔ ᠭᠠᠳᠠᠭᠠᠳᠤ ᠭᠠᠷᠭᠠᠯᠲᠠ 206.98 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 48.0% ᠨᠡᠮᠡᠭᠳᠡᠪᠡ᠃ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ 2531 ᠵᠠᠯᠭᠠᠨ ᠲᠡᠭᠡᠭᠡᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 15.5% ᠨᠡᠮᠡᠭᠳᠡᠪᠡ᠃ ᠡᠭᠦᠨ ᠳᠤ᠂ ᠬᠢᠯᠢ ᠳᠤ 1130 ᠴᠤᠪᠤᠭ᠎ᠠ ᠣᠷᠣᠵᠤ᠂ ᠠᠳᠠᠯᠢ ᠬᠤᠭᠤᠴᠠᠭᠠᠨ ᠤ ᠬᠢ ᠠᠴᠠ 1.4% ᠪᠠᠷ ᠪᠠᠭᠠᠰᠪᠠ︔ ᠬᠢᠯᠢ ᠠᠴᠠ 1401 ᠤᠳᠠᠭ᠎ᠠ ᠭᠠᠷᠴᠤ᠂ ᠠᠳᠠᠯᠢ ᠬᠤᠭᠤᠴᠠᠭᠠᠨ ᠤ ᠬᠢ ᠠᠴᠠ 33.9% ᠪᠠᠷ ᠨᠡᠮᠡᠭᠳᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号