ᠰᠠᠶᠢᠬᠤᠰᠦ ᠭᠠᠴᠠᠭ᠎ᠠ ᠶᠢᠨ ᠬᠢᠨ ᠲᠣᠰᠬᠤᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢ ᠠᠮᠵᠢᠯᠲᠠ ᠲᠠᠢ ᠪᠡᠶᠡᠯᠡᠬᠦᠯᠪᠡ
ᠨᠡᠶᠢᠲᠡᠯᠡᠭᠰᠡᠨ ᠴᠠᠭ᠄
2021/2/2
    ᠭᠠᠴᠠᠭᠠᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠪᠣᠯ ᠣᠯᠠᠨ ᠲᠦᠮᠡᠨ ᠤ ᠬᠠᠤᠯᠢ ᠶᠣᠰᠣᠭᠠᠷ ᠥᠪᠡᠷᠲᠡᠭᠡᠨ ᠵᠠᠰᠠᠬᠤ ᠡᠷᠬᠡ ᠪᠠᠨ ᠬᠡᠷᠡᠭᠵᠢᠭᠦᠯᠬᠦ ᠶᠢ ᠦᠨᠡᠨᠬᠦ ᠪᠠᠲᠤᠯᠠᠵᠤ᠂ ᠮᠠᠯᠴᠢᠨ ᠲᠠᠷᠢᠶᠠᠴᠢᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠬᠤ ᠴᠢᠬᠤᠯᠠ ᠠᠷᠭ᠎ᠠ ᠵᠠᠮ ᠪᠣᠯᠬᠤ ᠪᠥᠭᠡᠳ ᠪᠠᠰᠠ ᠴᠤ ᠥᠷᠭᠡᠨ ᠣᠯᠠᠨ ᠲᠣᠰᠬᠤᠨ ᠤ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠤᠨ ᠨᠢᠭᠡᠨ ᠲᠣᠮᠣ ᠶᠠᠪᠤᠳᠠᠯ ᠪᠣᠯᠤᠨ᠎ᠠ᠃ 2  ᠰᠠᠷ᠎ᠠ ᠶᠢᠨ 1 ᠤ ᠡᠳᠦᠷ᠂  ᠰᠠᠶᠢᠬᠤᠰᠦ ᠭᠠᠴᠠᠭᠠᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠳᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ  ᠨᠠᠷᠠᠨᠳᠠᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠭᠠᠴᠠᠭ᠎ᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠬᠤᠶᠠᠳᠤᠭᠠᠷ ᠵᠢᠯᠣᠭᠤᠳᠬᠤ ᠳᠤᠭᠤᠶᠢᠯᠠᠩ ᠵᠢᠴᠢ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠭᠤᠴᠠᠭ᠎ᠠ ᠰᠣᠯᠢᠬᠤ ᠠᠵᠢᠯ ᠤᠨ ᠨᠢᠭᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠬᠤᠷᠠᠯ ᠳᠤ ᠢᠷᠡᠵᠦ ᠵᠢᠭᠠᠨ ᠵᠢᠯᠣᠭᠤᠳᠪᠠ᠃
   ᠨᠠᠷᠠᠨᠳᠠᠨ᠎ᠠ ᠰᠣᠩᠭᠤᠭᠳᠠᠭᠰᠠᠨ ᠡᠷᠬᠢᠯᠡᠭᠴᠢ᠂ ᠭᠡᠰᠢᠭᠦᠨ ᠳᠤ ᠦᠨᠡᠮᠯᠡᠯ ᠣᠯᠭᠤᠨ᠎ᠠ     ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠰᠣᠩᠭᠤᠭᠤᠯᠢ ᠶᠢᠨ ᠶᠡᠭᠡ ᠬᠤᠷᠠᠯ ᠵᠢᠩᠬᠢᠨᠢ ᠪᠠᠷ ᠡᠬᠢᠯᠡᠵᠦ᠂ ᠭᠠᠴᠠᠭᠠᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢ ᠠᠯᠬᠤᠮ ᠳᠠᠷᠠᠭ᠎ᠠ  ᠶᠣᠰᠣᠭᠠᠷ ᠠᠯᠬᠤᠮ ᠳᠠᠷᠠᠭ᠎ᠠ ᠪᠠᠷ ᠶᠠᠪᠤᠭᠳᠠᠭᠤᠯᠵᠠᠶ᠃ ᠠᠵᠢᠯᠲᠠᠳ ᠲᠣᠭᠲᠠᠭᠰᠠᠨ ᠴᠠᠭ ᠬᠤᠭᠤᠴᠠᠭᠠᠨ ᠳᠤ   ᠪᠠᠨ ᠪᠢᠯᠧᠲ ᠤᠨ ᠲᠤᠭ᠎ᠠ ᠶᠢ ᠲᠣᠭᠠᠯᠠᠨ ᠪᠦᠷᠢᠳᠬᠡᠵᠦ᠂ ᠢᠯᠡ ᠪᠠᠷ ᠪᠢᠯᠧᠲ ᠣᠩᠰᠢᠵᠦ᠂ ᠪᠢᠯᠧᠲ ᠢ ᠪᠦᠷᠢᠳᠬᠡᠵᠦ ᠂ ᠪᠥᠬᠦ ᠲᠠᠰ ᠳᠠᠷᠠᠭᠠᠯᠠᠯ ᠢ ᠢᠯᠡ᠂ ᠬᠠᠤᠯᠢ ᠶᠣᠰᠣᠨ ᠤ᠂ ᠢᠯᠡ ᠲᠣᠳᠣ ᠪᠠᠶᠢᠯᠭᠠᠬᠤ ᠶᠢ ᠪᠡᠶᠡᠯᠡᠭᠦᠯᠵᠦ᠂ ᠰᠢᠨ᠎ᠡ ᠨᠢᠭᠡ ᠬᠤᠭᠤᠴᠠᠭᠠᠨ ᠤ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ ᠠᠮᠵᠢᠯᠲᠠ ᠲᠠᠢ ᠪᠠᠷ ᠰᠣᠩᠭᠤᠨ ᠭᠠᠷᠭᠠᠪᠠ᠃ ᠪᠠᠢ ᠶᠦᠨ ᠹᠦ᠋ ᠥᠨᠳᠥᠷ ᠪᠢᠯᠧᠲ ᠢᠶᠠᠷ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠪᠠᠷ ᠰᠣᠩᠭᠤᠭᠳᠠᠵᠤ᠂ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠭᠠᠭᠴᠠᠭᠠᠷ ᠡᠭᠦᠷᠭᠡᠯᠡᠬᠦ ᠶᠢ ᠪᠡᠶᠡᠯᠡᠭᠦᠯᠪᠡ︔ ᠸᠠᠩ ᠵᠢᠶ ᠳ᠋ᠦᠩ᠂ ᠴᠢᠨ ᠯᠢ ᠴᠢᠶᠠᠩ ᠣᠯᠠᠨ ᠪᠢᠯᠧᠲ ᠢᠶᠠᠷ ᠭᠠᠴᠠᠭᠠᠨ ᠤ ᠠᠷᠠᠳ ᠤᠨ ᠵᠥᠪᠯᠡᠯ ᠤᠨ ᠭᠡᠰᠢᠭᠦᠨ ᠢᠶᠠᠷ ᠰᠣᠩᠭᠤᠭᠳᠠᠵᠠᠶ᠃ ᠨᠠᠷᠠᠨᠳᠠᠨ᠎ᠠ ᠲᠡᠳᠡᠨ ᠳᠤ ᠰᠣᠩᠭᠤᠭᠳᠠᠭᠰᠠᠨ ᠦᠨᠡᠮᠯᠡᠯ ᠣᠯᠭᠤᠭᠰᠠᠨ ᠪᠥᠭᠡᠳ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃
            ᠲᠤᠬᠠᠶ ᠶᠢᠨ ᠭᠠᠵᠠᠷ ᠲᠤᠨᠢ ᠪᠢᠯᠧᠲ ᠪᠦᠷᠢᠳᠬᠡᠬᠦ    ᠰᠣᠩᠭᠤᠭᠤᠯᠢ ᠶᠢᠨ ᠬᠤᠷᠠᠯ ᠤᠨ ᠲᠠᠯᠠᠪᠠᠶ ᠳᠤ ︽ᠰᠠᠶᠢᠲᠤᠷ ᠰᠣᠩᠭᠤᠬᠤ︾ ᠪᠠ ︽ᠴᠢᠩᠭ᠎ᠠ ᠰᠡᠷᠭᠡᠶᠢᠯᠡᠬᠦ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠰᠠᠶᠢᠬᠤᠰᠦ ᠭᠠᠴᠠᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠷᠢᠳᠴᠢᠯᠠᠨ ᠲᠣᠭᠲᠠᠭᠠᠵᠤ᠂ ᠡᠮᠨᠡᠯᠭᠡ ᠶᠢᠨ ᠠᠵᠢᠯᠲᠠᠨ᠂ ᠬᠤᠪᠢ ᠬᠥᠮᠦᠨ ᠤ ᠬᠠᠮᠠᠭᠠᠯᠠᠯᠲᠠ ᠶᠢᠨ ᠬᠡᠷᠡᠭᠰᠡᠯ᠂ ᠡᠷᠡᠭᠦᠯ ᠬᠠᠮᠠᠭᠠᠯᠠᠯ ᠤᠨ ᠪᠡᠯᠡᠳᠬᠡᠮᠵᠢ᠂ ᠠᠷᠢᠭᠤᠳᠬᠠᠬᠤ ᠪᠠᠭᠠᠵᠢ ᠬᠡᠷᠡᠭᠰᠡᠯ ᠳᠣᠭᠢᠷᠠᠭᠤᠯᠤᠨ᠂ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠮᠡᠳᠡᠭᠡ ᠵᠠᠩᠭᠢ ᠶᠢ ᠳᠠᠩᠰᠠᠯᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠳᠤ ᠬᠢᠵᠢᠭ ᠤᠨ ᠪᠠᠶᠢᠳᠠᠯ ᠤᠨ ᠲᠦᠭᠰᠢᠭᠦᠷᠢ ᠡᠭᠦᠰᠬᠦ ᠶᠢ ᠡᠷᠡᠰ  ᠰᠠᠷᠬᠡᠶᠢᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号