| | 2 ᠳ᠋ᠤᠭᠠᠷ ᠰᠠᠷ᠎ᠠ ᠶᠢᠨ 23 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ | ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 135 ᠳ᠋ᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠢᠶᠠ ᠸᠧᠶ ᠳ᠋ᠦᠩ᠂ ᠶᠠᠨ ᠬᠤᠩ᠂ ᠶᠠᠩ ᠶᠢᠨ ᠷᠦᠢ᠂ | ᠨᠠᠷᠠᠨᠳᠠᠨ᠎ᠠ᠂ ᠯᠢᠦ ᠴᠠᠩ ᠴᠦᠨ᠂ ᠤᠯᠠᠭᠠᠨ᠂ ᠭᠧᠩ ᡁᠢ ᠵᠢᠶᠦ᠋ᠨ ᠬᠤᠷᠠᠯ ᠳᠤ ᠣᠷᠣᠯᠴᠠᠪᠠ᠃ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠠᠭᠤᠯᠠ᠂ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠢᠶᠣᠤ ᠸᠧᠶ ᠭᠦᠸᠧ ᠬᠤᠷᠠᠯ ᠳᠤ ᠰᠤᠯᠠ ᠣᠷᠣᠯᠴᠠᠪᠠ᠃ ᠬᠤᠷᠠᠯ ᠠᠴᠠ | ᠶᠡᠷᠦᠩᠬᠡᠢ ᠱᠦᠵᠢ ᠰᠢ ᠶᠢᠨ ᠫᠢᠩ ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠪᠣᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠶᠢᠴᠢᠯᠠᠯᠳᠠ ᠶᠢᠨ ᠶᠡᠭᠡ ᠬᠤᠷᠠᠯ | ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ | | | | | | ᠯᠢᠦ ᡁᠢ ᠫᠢᠩ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠪᠠ ᠠᠵᠢᠯ ᠤᠨ ᠱᠠᠭᠠᠷᠳᠠᠯᠭ᠎ᠠ ᠶᠢ ᠭᠦᠨᠵᠡᠭᠡᠢ | ᠲᠣᠳᠣᠷᠬᠠᠶᠢᠯᠠᠨ ᠥᠭᠦᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠪᠦᠬᠦ ᠲᠠᠯ᠎ᠠ ᠶᠢᠨ | ᠲᠠᠶᠢᠴᠢᠯᠠᠯᠳᠠ ᠪᠠᠶᠢᠷᠢᠯᠠᠭᠤᠯᠤᠯᠲᠠ ᠬᠢᠵᠡᠢ᠃ ᠪᠢᠳᠡᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠰᠠᠶᠢᠲᠤᠷ ᠥᠷᠨᠢᠭᠦᠯᠬᠦ ᠳᠤ ᠴᠢᠭᠯᠡᠯ ᠢ ᠲᠣᠳᠣᠷᠬᠠᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠠᠢ᠃ | ᠯᠢᠦ ᡁᠢ ᠫᠢᠩ᠂ ᠠᠵᠢᠯ ᠤᠨ ᠰᠢᠰᠲ᠋ᠧᠮᠲᠦ ᠴᠢᠨᠠᠷ᠂ ᠵᠥᠩᠨᠡᠯᠲᠡ ᠶᠢᠨ ᠴᠢᠨᠠᠷ᠂ ᠪᠦᠲᠦᠭᠡᠯᠴᠢ ᠴᠢᠨᠠᠷ ᠢ | ᠴᠢᠩᠭᠠᠳᠬᠠᠵᠤ᠂ ᠲᠡᠦᠬᠡ ᠳᠤ ᠬᠠᠷᠢᠭᠤᠴᠠᠬᠤ ᠣᠪᠣᠷ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ | ᠵᠦᠢᠯ ᠤᠨ ᠠᠵᠢᠯ ᠢ ᠨᠡᠩ ᠤᠬᠠᠮᠰᠠᠷ ᠠᠴᠠ ᠪᠠᠨ ᠰᠠᠶᠢᠲᠤᠷ ᠬᠢᠵᠦ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠬᠤ ᠬᠡᠷᠡᠭᠲᠡᠢ︔ ᠠᠷᠠᠳ | ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠷᠠᠳ | ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠵᠤ᠂ | ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠯᠠᠨ ᠳᠤ ᠨᠡᠩ ᠰᠠᠶᠢᠨ ᠬᠦᠷᠲᠡᠭᠡᠬᠦ ᠬᠡᠷᠡᠭᠲᠡᠢ︔ ᠲᠡᠮᠡᠴᠡᠯ ᠤᠨ | ᠤᠬᠠᠮᠰᠠᠷ ᠪᠣᠯᠤᠨ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠢᠳᠡᠪᠬᠢᠲᠡᠢ ᠪᠠᠷ ᠥᠷᠢᠰᠥᠯᠳᠦᠭᠡᠨ ᠢ | ᠠᠷᠭᠠᠴᠠᠵᠤ᠂ ᠠᠶᠤᠯ ᠲᠦᠭᠰᠢᠭᠦᠷᠢ ᠶᠢ ᠠᠷᠢᠯᠭᠠᠵᠤ᠂ ᠲᠠᠰᠤᠷᠠᠯᠲᠠ ᠦᠭᠡᠢ ᠰᠤᠷᠲᠠᠯ ᠢᠶᠠᠨ ᠰᠠᠶᠢᠵᠢᠷᠠᠭᠤᠯᠵᠤ᠂ | ᠴᠢᠳᠠᠪᠤᠷᠢ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠰᠢᠨ᠎ᠡ ᠴᠠᠭ ᠦᠶ᠎ᠡ ᠶᠢᠨ ᠪᠣᠭᠤᠮᠲᠠ ᠶᠢᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠦᠬᠦ ᠲᠠᠯ᠎ᠠ ᠪᠠᠷ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢᠦ ᡁᠢ ᠫᠢᠩ ᠱᠠᠭᠠᠷᠳᠠᠭᠰᠠᠨ ᠨᠢ᠂ ᠪᠦᠬᠦ ᠬᠤᠲᠠ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ | ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠰᠤᠷᠤᠯᠴᠠᠨ ᠣᠶᠢᠯᠠᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ | ᠪᠦᠬᠦᠳᠠ ᠬᠤᠷᠠᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ | ᠫᠢᠩ ᠤ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠨᠢᠭᠲᠠ ᠤᠶᠠᠯᠳᠤᠭᠤᠯᠵᠤ᠂ | ᠡᠭᠦᠨ ᠳᠤ ᠲᠤᠤᠱᠯᠠᠭᠳᠠᠵᠤ ᠪᠠᠶᠢᠭ᠎ᠠ ᠰᠢᠨᠵᠢᠯᠡᠬᠦ ᠤᠬᠠᠭᠠᠨᠴᠢ ᠦᠵᠡᠯ ᠰᠠᠨᠠᠭ᠎ᠠ᠂ ᠠᠵᠢᠯ ᠤᠨ ᠠᠷᠭ᠎ᠠ ᠪᠣᠯᠤᠨ | ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠣᠳᠣᠬᠠᠨ ᠤ ᠡᠯ᠎ᠡ ᠵᠦᠢᠯ ᠤᠨ ᠠᠵᠢᠯ ᠤᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠤᠨᠢᠨ ᠳᠡᠭᠡᠷ᠎ᠡ ᠨᠢ ᠨᠠᠷᠢᠯᠢᠭ ᠰᠠᠶᠢᠲᠤᠷ ᠠᠳᠬᠤᠬᠤ ᠬᠡᠷᠡᠭᠲᠡᠢ᠃ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠠᠵᠢᠯ ᠤᠨ ᠤᠳᠤᠷᠢᠳᠤᠮᠵᠢ ᠶᠢ | ᠪᠠᠷᠢᠮᠲᠠᠯᠠᠵᠤ᠂ ᠬᠥᠭᠵᠢᠯᠲᠡ ᠪᠣᠯᠤᠨ ᠠᠮᠢ ᠠᠬᠤᠢ ᠶᠢᠨ ᠬᠤᠶᠠᠷ ᠬᠤᠷᠢᠭ᠎ᠠ ᠱᠤᠭᠤᠮ ᠢ ᠪᠠᠲᠤ ᠰᠠᠬᠢᠵᠤ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ᠂ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ | ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠶᠢᠨ | ᠨᠥᠬᠦᠴᠡᠯᠳᠦᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ᠃ | ᠬᠤᠷᠠᠯ ᠠᠴᠠ ᠪᠠᠰᠠ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠲᠣᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠬᠤ | ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢ᠊ ᠡᠶ᠎ᠡ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ | ᠯᠢᠦ ᠴᠢ ᠹᠠᠨ ᠨᠥᠬᠦᠷ ᠤᠨ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ | 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠨᠠᠢᠮᠠᠳᠣᠭᠠᠷ | ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠠᠵᠢᠯ ᠤᠨ ᠮᠡᠳᠡᠭᠦᠯᠦᠯᠲᠡ ᠪᠠ ᠥᠪᠡᠷᠲᠡᠭᠡᠨ ᠵᠠᠰᠠᠬᠤ | ᠣᠷᠣᠨ ᠤ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠲᠡᠷᠢᠭᠦᠨ ᠤ ᠬᠠᠮᠲᠤ | ᠨᠡᠶᠢᠲᠡ ᠪᠠ ᠲᠡᠷᠢᠭᠦᠨ ᠤ ᠬᠤᠪᠢ ᠬᠥᠮᠦᠨ ᠢ ᠲᠠᠨᠢᠯᠴᠠᠭᠤᠯᠬᠤ ᠪᠠᠷ ᠪᠠᠶᠢᠭ᠎ᠠ ᠬᠤᠯᠪᠣᠭᠳᠠᠯ ᠪᠥᠬᠦᠶ ᠵᠦᠢᠯᠡᠰ ᠢ | ᠰᠤᠳᠤᠯᠤᠨ ᠬᠢᠨᠠᠨ ᠵᠥᠪᠯᠡᠪᠡ᠃ | | | |