ᠮᠠᠨ ᠤ ᠬᠤᠲᠠ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2021/2/3
      2 ᠳ᠋ᠤᠭᠠᠷ ᠰᠠᠷ᠎ᠠ ᠶᠢᠨ 2 ᠤᠨ ᠡᠳᠦᠷ᠂ ᠮᠠᠨ ᠤ ᠬᠤᠲᠠ ᠪᠥᠬᠦ ᠠᠶᠢᠮᠠᠭ ᠤᠨ ᠤᠳᠤᠷᠢᠳᠬᠤ ᠺᠠᠳ᠋ᠷᠴᠤᠳ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠬᠠᠷᠠᠭᠠᠨ ᠳᠠᠪᠲᠠᠮᠵᠢ ᠶᠢᠨ ᠶᠡᠭᠡ ᠬᠤᠷᠠᠯ ᠳᠤ ᠣᠷᠣᠯᠴᠠᠪᠠ᠃ ᠬᠤᠷᠠᠯ ᠤᠨ ᠳᠠᠷᠠᠭ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠤᠷᠤᠯᠴᠠᠨ ᠲᠤᠤᠱᠯᠠᠭᠤᠯᠬᠤ ᠲᠤᠬᠠᠶ ᠪᠣᠳᠠᠲᠠᠶ ᠪᠠᠶᠢᠷᠢᠯᠠᠭᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠢᠶᠣᠤ ᠸᠧᠶ ᠭᠦᠸᠧ ᠵᠢᠴᠢ ᠳᠥᠷᠪᠡᠨ ᠶᠡᠭᠡ ᠪᠠᠭ ᠤᠨ ᠪᠤᠰᠤᠳ ᠤᠳᠤᠷᠢᠳᠬᠤ ᠪᠠᠭ ᠤᠨ ᠬᠤᠳᠠ ᠳᠤ ᠪᠠᠶᠢᠭ᠎ᠠ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠯᠢᠦ ᡁᠢ ᠫᠢᠩ ᠵᠢᠭᠠᠵᠤ ᠭᠠᠷᠭᠠᠭᠰᠠᠨ ᠨᠢ᠂ ᠰᠠᠶ᠋ᠢᠬᠠᠨ ᠳᠠᠭᠤᠰᠣᠭᠰᠠᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠠᠵᠢᠯ ᠡᠬᠢᠯᠡᠭᠰᠡᠨ ᠵᠢᠯ᠂ ᠮᠠᠨ ᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠲᠠᠰᠢᠷᠠᠮ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠃ ᠪᠥᠬᠦ ᠬᠤᠲᠠ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠷᠠᠯ ᠬᠤᠷᠠᠯᠳᠤᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠬᠦᠢᠴᠡᠳ ᠲᠠᠨᠢᠵᠤ᠂ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃     ᠯᠢᠦ ᡁᠢ ᠫᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠱᠢ ᠲᠠᠢ ᠹᠧᠩ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠤᠯᠠᠮ ᠴᠢᠨᠠᠭᠰᠢᠳᠠ ᠣᠨᠣᠪᠴᠢᠲᠠᠢ ᠣᠯᠵᠤ᠂ ᠬᠥᠭᠵᠢᠯᠲᠡ ᠶᠢᠨ ᠠᠷᠭ᠎ᠠ ᠵᠠᠮ ᠢᠶᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠰᠠᠶᠢᠨ ᠰᠠᠶᠢᠬᠠᠨ ᠦᠵᠡᠯ ᠰᠠᠨᠠᠭᠠᠨ ᠤ ᠪᠠᠶᠢᠳᠠᠯ ᠪᠣᠯᠤᠨ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠵᠦ᠂ ᠦᠵᠡᠯᠲᠡ ᠪᠠᠨ ᠰᠢᠨᠡᠳᠬᠡᠵᠦ᠂ ᠨᠡᠬᠡᠬᠡᠯᠳᠡ ᠬᠢᠬᠦ ᠤᠬᠠᠮᠰᠠᠷ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠡᠷᠢᠶᠡᠨ ᠬᠤᠳᠠ ᠠᠴᠠ ᠭᠠᠷᠴᠤ᠂ ᠥᠪᠥᠷ ᠮᠣᠩᠭᠤᠯ ᠠᠴᠠ ᠭᠠᠷᠴᠤ᠂ ᠪᠦᠬᠦ ᠤᠯᠤᠰ ᠤᠨ ᠤᠮᠠᠷᠠᠰᠢ ᠨᠡᠬᠡᠬᠡᠯᠳᠡ ᠬᠢᠬᠦ ᠶᠡᠭᠡ ᠲᠠᠯ᠎ᠠ ᠳᠤ ᠪᠡᠶ᠎ᠡ ᠪᠠᠷ ᠢᠶᠠᠨ ᠡᠷᠢᠶᠡᠨ ᠬᠤᠳᠠ ᠶᠢᠨ ᠪᠣᠭᠤᠮᠲᠠ ᠶᠢᠨ ᠬᠥᠭᠵᠢᠯᠲᠡ ᠶᠢᠨ ᠰᠡᠳᠬᠢᠴᠡ ᠪᠣᠯᠤᠨ ᠵᠢᠷᠤᠭ ᠲᠥᠯᠥᠪᠯᠡᠭᠡ ᠶᠢ ᠲᠥᠯᠥᠪᠵᠢᠭᠦᠯᠵᠦ᠂ ᠪᠣᠭᠤᠮᠲᠠ ᠶᠢᠨ ᠳᠠᠪᠠᠭᠤᠯᠢᠭ ᠢ ᠦᠨᠡᠨᠬᠦ ᠨᠡᠬᠡᠬᠡᠯᠳᠡ ᠬᠢᠬᠦ ᠳᠠᠪᠠᠭᠤᠯᠢᠭ ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ᠂ ᠬᠦᠴᠢᠷ ᠢ ᠲᠤᠭᠤᠯᠤᠨ ᠬᠦᠴᠢᠷ ᠢ ᠳᠠᠪᠠᠭ᠋ᠤ ᠶᠢ ᠪᠠᠷᠢᠮᠲᠠᠯᠠᠵᠤ᠂ ᠡᠩ ᠤᠨ ᠠᠵᠢᠯ ᠢ ᠰᠠᠶᠢᠲᠤᠷ ᠬᠢᠬᠦ ᠶᠢᠨ ᠬᠠᠮᠲᠤ᠂ ᠰᠠᠭᠤᠷᠢ ᠲᠥᠬᠦᠭᠡᠷᠦᠮᠵᠢ᠂ ︽ᠭᠤᠷᠪᠠᠨ ᠣᠷᠣᠨ︾ ᠤ ᠪᠦᠳᠦᠭᠡᠨ ᠪᠠᠶᠢᠭᠤᠯᠤᠯᠲᠠ᠂ ᠪᠣᠭᠤᠮᠲᠠ ᠶᠢᠨ ᠠᠵᠤ ᠠᠬᠤᠢ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠤ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ︽ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ᠂ ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ︾ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠨᠢᠭᠲᠠ ᠠᠩᠬᠠᠷᠴᠤ᠂ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ  ᠳᠤ ᠴᠢᠭᠯᠡᠭᠦᠯᠬᠦ ᠴᠢᠨᠠᠷᠲᠠᠢ ᠪᠠᠷ ᠲᠤᠬᠢᠷᠠᠭᠤᠯᠤᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠣᠷᠣᠭᠤᠯᠵᠤ ᠭᠠᠷᠭᠠᠬᠤ ᠠᠷᠭ᠎ᠠ ᠵᠠᠮ ᠢ ᠡᠷᠡᠰ ᠲᠠᠰᠤᠯᠬᠤ ᠬᠡᠷᠡᠭᠲᠡᠢ᠃ ᠦᠨᠳᠦᠰᠦᠲᠡᠨ ᠤ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠠᠷᠭ᠎ᠠ  ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠵᠤ᠂ ᠥᠪᠥᠷ ᠮᠣᠩᠭᠤᠯ ᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠢᠷᠠᠭᠤ ᠠᠯᠳᠠᠷ ᠢ ᠡᠷᠡᠰ ᠬᠠᠮᠠᠭᠠᠯᠠᠬᠤ ᠬᠡᠷᠡᠭᠲᠡᠢ᠃     ᠯᠢᠦ ᡁᠢ ᠫᠢᠩ᠂ ︽ᠬᠤᠶᠠᠷ ᠬᠤᠷᠠᠯ︾ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠣᠳᠣᠬᠠᠨ ᠤ ᠡᠯ᠎ᠡ ᠵᠦᠢᠯ ᠤᠨ ᠠᠵᠢᠯ ᠢ ᠴᠢᠩᠭ᠎ᠠ ᠠᠳᠬᠤᠬᠤ ᠬᠡᠷᠡᠭᠲᠡᠢ᠃ ᠪᠥᠬᠦ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ ᠰᠤᠷᠤᠯᠴᠠᠨ ᠲᠤᠤᠱᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ  ᠵᠦᠢᠯ ᠤᠨ ᠠᠵᠢᠯ ᠤᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠣᠨ ᠤ ᠠᠵᠢᠯ ᠢᠶᠠᠨ ᠤᠷᠢᠳᠴᠢᠯᠠᠨ ᠲᠥᠯᠥᠪᠯᠡᠨ ᠳᠣᠭᠢᠷᠠᠭᠤᠯᠵᠤ᠂ ᠡᠭᠦᠷᠭᠡ ᠬᠠᠷᠠᠯᠲᠠ ᠪᠠᠨ ᠲᠣᠳᠣᠷᠬᠠᠶᠢᠯᠠᠨ᠂ ᠡᠯ᠎ᠡ  ᠵᠦᠢᠯ ᠤᠨ ᠠᠵᠢᠯ ᠢᠶᠠᠨ ᠤᠷᠢᠳ ᠢᠶᠠᠷ ᠪᠣᠳᠣᠯᠬᠢᠯᠠᠵᠤ᠂ ᠤᠷᠢᠳ ᠢᠶᠠᠷ ᠤᠷᠤᠭᠰᠢᠯᠠᠭᠤᠯᠬᠤ ᠪᠠᠷ ᠴᠢᠷᠮᠠᠶᠢᠬᠤ ᠬᠡᠷᠡᠭᠲᠡᠶ᠃ ᠴᠠᠭᠠᠨ ᠰᠠᠷ᠎ᠠ ᠶᠢᠨ ᠬᠤᠭᠤᠴᠠᠭᠠᠨ ᠳᠤ ᠡᠷᠬᠢᠨ ᠦᠵᠡᠵᠦ ᠲᠣᠬᠤᠨᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠲᠣᠬᠤᠨᠢᠭᠤᠯᠬᠤ ᠪᠠ ᠦᠢᠯᠡᠴᠢᠯᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠣᠯᠠᠨ ᠲᠦᠮᠡᠨ ᠤ ᠳᠤᠮᠳᠠ ᠬᠦᠷᠭᠡᠬᠦ ᠪᠠᠷ ᠪᠠᠷᠠᠬᠤ ᠥᠬᠡᠶ ᠪᠠᠰᠠ ᠣᠯᠠᠨ ᠲᠦᠮᠡᠨ ᠤ ᠲᠤᠯᠭᠠᠮ᠎ᠠ ᠬᠡᠷᠡᠭᠴᠡᠭᠡ ᠶᠢ ᠣᠶᠢᠯᠠᠭᠠᠵᠤ᠂ ᠲᠡᠳᠡᠨ ᠢ ᠬᠠᠪᠰᠤᠷᠤᠨ ᠦᠢᠯᠡᠳᠪᠣᠷᠢᠯᠡᠯ ᠠᠮᠢᠳᠤᠷᠠᠯ ᠤᠨ ᠳᠤᠮᠳᠠᠬᠢ ᠪᠣᠳᠠᠲᠠᠶ ᠬᠦᠴᠢᠷᠳᠡᠯ ᠢ ᠨᠢ ᠦᠨᠡᠨ ᠬᠦ  ᠰᠢᠢᠳᠪᠣᠷᠢᠯᠡᠵᠦ ᠥᠭᠬᠦ ᠬᠡᠷᠡᠭᠲᠡᠶ᠃ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠪᠠ ᠡᠮ ᠤᠨ ᠵᠦᠶ᠋ᠯ ᠤᠨ ᠠᠮᠤᠷ ᠲᠦᠪᠰᠢᠨ᠂  ᠦᠢᠯᠡᠳᠪᠣᠷᠢᠯᠡᠯ ᠤᠨ ᠠᠮᠤᠷ ᠲᠦᠪᠰᠢᠨ ᠪᠠ ᠣᠷᠴᠢᠨ ᠲᠣᠭᠤᠷᠢᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠥᠬᠦᠷᠡᠰᠢ ᠥᠬᠡᠶ ᠰᠠᠶᠢᠲᠤᠷ ᠠᠳᠬᠤᠵᠤ᠂ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠠᠷᠢᠯᠭᠠᠵᠤ᠂ ᠬᠦᠨᠳᠦ ᠶᠡᠭᠡ ᠣᠨᠴᠠ ᠶᠡᠭᠡ ᠠᠳᠡᠯ ᠪᠠ ᠬᠡᠷᠡᠭ ᠡᠭᠦᠰᠬᠦ ᠶᠢ ᠦᠨᠡᠨᠬᠦ ᠰᠡᠷᠭᠡᠶᠢᠯᠡᠬᠦ ᠬᠡᠷᠡᠭᠲᠡᠶ᠃ ᠢᠯᠴᠢ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ ᠵᠡᠷᠭᠡ ᠠᠷᠠᠳ ᠤᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠭᠤᠣᠯᠳᠠᠯᠭ᠎ᠠ ᠲᠠᠢ ᠠᠵᠤ ᠠᠬᠤᠶᠢᠯᠠᠯ ᠤᠳ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠳᠠ ᠶᠢᠨ ᠠᠷᠠᠳ ᠤᠯᠠᠨ ᠤ ᠠᠮᠢᠳᠤᠷᠠᠯ ᠤᠨ ᠬᠡᠷᠡᠭᠴᠡᠭᠡ ᠳᠤ ᠦᠨᠡᠨᠬᠦ ᠰᠠᠶᠢᠲᠤᠷ ᠦᠢᠯᠡᠴᠢᠯᠡᠬᠦ ᠬᠡᠷᠡᠭᠲᠡᠢ᠃  ᠬᠥᠯᠥᠰᠥᠨ ᠠᠵᠢᠯᠴᠢᠨ ᠤ ᠴᠠᠯᠢᠩ ᠢ ᠥᠭᠬᠦ᠂ ᠠᠳᠠᠯ ᠠᠬᠤᠶ ᠶᠢᠨ ᠬᠠᠮᠢᠶᠠᠷᠤᠯᠲᠠ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ ᠵᠡᠷᠭᠡ ᠵᠥᠷᠢᠴᠡᠯ ᠢ ᠠᠮᠠᠷᠬᠠᠨ ᠡᠭᠦᠰᠭᠡᠬᠦ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠨᠡᠶᠢᠭᠡᠮ ᠤᠨ ᠵᠥᠷᠢᠴᠡᠯ ᠢ ᠪᠠᠶᠢᠴᠠᠭᠠᠨ  ᠰᠢᠢᠳᠪᠣᠷᠢᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠡᠭᠦᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠡᠶᠢᠭᠡᠮ ᠤᠨ ᠲᠠᠯ᠎ᠠ ᠠᠴᠠ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠬᠡᠰᠡᠭ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠴᠠᠭ ᠬᠤᠭᠤᠴᠠᠭ᠎ᠠ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠠᠶᠢᠨ ᠰᠠᠶᠢᠬᠠᠨ ᠨᠡᠶᠢᠭᠡᠮ ᠤᠨ ᠡᠮᠬᠢ ᠳᠢᠭᠯᠢᠮ ᠢ ᠪᠠᠲᠤᠯᠠᠬᠤ ᠬᠡᠷᠡᠭᠲᠡᠢ᠃ ᠪᠠᠶᠠᠷ ᠤᠨ ᠡᠳᠦᠷ ᠤᠨ ᠬᠤᠭᠤᠴᠠᠭᠠᠨ ᠳᠤ ᠵᠢᠵᠢᠭᠦᠷᠯᠡᠵᠦ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠃ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠ ᠠᠯᠢ ᠴᠢᠳᠠᠬᠤ ᠪᠠᠷ ᠠᠷᠪᠢᠯᠠᠨ ᠭᠠᠮᠨᠠᠬᠤ ᠶᠢ ᠴᠠᠭ ᠢᠮᠠᠭᠲᠠ ᠴᠢᠩᠭᠠᠳᠬᠠᠵᠤ᠂ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ᠂ ᠪᠣᠯᠪᠠᠰᠤᠨ ᠠᠷᠪᠢᠴᠢ ᠭᠠᠮᠲᠠᠶ᠂ ᠰᠤᠷᠲᠠᠯ ᠴᠢᠬᠡᠴᠢ ᠣᠪᠣᠷ ᠲᠥᠪ ᠪᠠᠶᠢᠬᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ ᠬᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号