︽ᠵᠠᠭᠤᠨ ᠵᠢᠯ ᠤᠨ ᠲᠡᠮᠡᠴᠡᠯ ᠤᠨ ᠵᠠᠮ · ᠰᠢᠨ᠎ᠡ ᠠᠶᠠᠯᠠᠯ ᠢᠶᠠᠨ ᠡᠬᠢᠯᠡᠭᠦᠯᠬᠦ︾ ᠠᠬᠠᠮᠠᠳ ᠨᠠᠮ ᠤᠨ ᠭᠡᠰᠢᠭᠦᠨ ᠯᠢᠦ ᠰᠢᠩ ᠺᠤᠸᠠᠨ᠄ ᠤᠭ ᠰᠠᠨᠠᠭ᠎ᠠ ᠪᠠᠨ ᠦᠯᠦ ᠮᠠᠷᠲᠠᠵᠤ᠂ ᠨᠢᠭᠡ ᠴᠢᠭᠯᠡᠯ ᠢᠶᠠᠷ ᠤᠷᠤᠭᠰᠢᠯᠠᠶ᠎ᠠ
ᠨᠡᠶᠢᠲᠡᠯᠡᠭᠰᠡᠨ ᠴᠠᠭ᠄
2021/2/4
    ᠵᠠᠭᠤᠨ ᠵᠢᠯ ᠤᠨ ᠠᠶᠠᠨ ᠵᠠᠮ ᠰᠦᠷ ᠳᠠᠯᠠᠶᠢᠴᠠᠲᠠᠢ ᠶᠠᠪᠤᠭᠳᠠᠵᠤ᠂ ᠵᠠᠭᠤᠨ ᠵᠢᠯ ᠤᠨ ᠣᠭ ᠰᠠᠨᠠᠭ᠎ᠠ ᠰᠡᠳᠬᠢᠯ  ᠳᠤ ᠤᠯᠠᠮ ᠪᠠᠲᠤᠵᠢᠪᠠ᠃ 2021 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠠᠨ ᠤᠭᠲᠤᠨ ᠠᠪᠤᠯ᠎ᠠ᠃ ᠵᠠᠭᠤᠨ ᠵᠢᠯ ᠤᠨ ᠲᠤᠷᠰᠢ᠂ ᠮᠠᠨ ᠤ ᠦᠨᠳᠦᠰᠦᠲᠡᠨ ᠶᠠᠳᠠᠭᠤ ᠪᠠᠭᠤᠷᠠᠢ ᠪᠠᠶᠢᠭᠰᠠᠨ ᠠᠴᠠ ᠪᠠᠨ ᠠᠯᠬᠤᠮ ᠠᠯᠬᠤᠮ ᠢᠶᠠᠷ ᠥᠨᠥᠳᠦᠷ ᠤᠨ ᠬᠥᠭᠵᠢᠯ ᠴᠡᠴᠡᠭᠯᠡᠯ ᠳᠤ ᠬᠦᠷᠦᠭᠰᠡᠨ ᠨᠢ ᠦᠶ᠎ᠡ ᠦᠶ᠎ᠡ ᠶᠢᠨ ᠡᠪ ᠬᠠᠮᠲᠤ ᠨᠠᠮ ᠤᠨ ᠭᠡᠰᠢᠭᠦᠨ᠂ ᠴᠢᠩ ᠵᠤᠷᠢᠬᠳᠠᠨ ᠤ ᠬᠤᠪᠢᠰᠬᠠᠯ ᠳᠤ ᠣᠷᠣᠯᠴᠠᠵᠤ᠂ ᠪᠦᠳᠦᠭᠡᠨ ᠪᠠᠶᠢᠭᠤᠯᠤᠯᠲᠠ ᠳᠤ ᠣᠷᠣᠯᠴᠠᠵᠤ᠂ ᠴᠢᠰᠤ ᠤᠷᠤᠰᠬᠠᠨ ᠲᠡᠮᠡᠴᠡᠵᠦ᠂ ᠭᠤᠶᠠᠴᠢ ᠦᠭᠡᠢ ᠬᠤᠪᠢ ᠨᠡᠮᠡᠷᠢ ᠦᠵᠡᠭᠦᠯᠦᠭᠰᠡᠨ ᠳᠤ ᠲᠦᠰᠢᠭᠯᠡᠭᠰᠡᠨ ᠶᠤᠮ᠃    ᠥᠨᠥᠳᠦᠷ᠂ ᠪᠢᠳᠡ ᠬᠠᠮᠲᠤ ᠪᠠᠷ ᠮᠠᠨ ᠤ ᠬᠤᠲᠠ ᠶᠢᠨ ᠨᠠᠶᠠ ᠭᠠᠷᠤᠭᠰᠠᠨ ᠠᠬᠠᠮᠠᠳ ᠨᠠᠮ ᠤᠨ ᠭᠡᠰᠢᠭᠦᠨ᠂ ᠬᠤᠲᠠ ᠶᠢᠨ ᠰᠢᠭᠦᠬᠦ ᠬᠤᠷᠢᠶᠠᠨ ᠤ ᠤᠤᠯ ᠤᠨ ᠪᠠᠶᠢᠩᠭᠤ ᠶᠢᠨ ᠳᠡᠳ᠋ ᠬᠤᠷᠢᠶᠠᠨ ᠳᠠᠷᠤᠭ᠎ᠠ ᠯᠢᠦ ᠰᠢᠩ ᠺᠤᠸᠠᠨ ᠤ ᠬᠤᠪᠢᠰᠬᠠᠯ ᠤᠨ ᠳᠤᠷᠠᠰᠤᠮᠵᠢ ᠶᠢ ᠰᠣᠨᠣᠰᠤᠶ᠎ᠠ᠃
              ᠯᠢᠦ ᠰᠢᠩ ᠺᠣᠸᠠᠨ ᠨᠠᠰᠣᠳᠠᠨ    1942 ᠣᠨ ᠳᠤ ᠲᠦᠷᠦᠭᠰᠡᠨ ᠯᠢᠦ ᠰᠢᠩ ᠺᠤᠸᠠᠨ ᠨᠠᠰᠤᠲᠠᠨ ᠡᠨᠡ ᠵᠢᠯ ᠨᠢᠭᠡᠨᠲᠡ 80 ᠰᠢᠬᠠᠮ ᠨᠠᠰᠤᠯᠠᠪᠠ᠂ ᠭᠡᠪᠡᠴᠦ ᠤᠯᠠᠨ ᠵᠢᠯ ᠤᠨ ᠡᠮᠦᠨᠡᠬᠢ ᠡᠷᠢᠶᠡᠨ ᠤ ᠥᠩᠭᠡᠷᠡᠭᠰᠡᠨ ᠤ ᠶᠠᠪᠤᠳᠠᠯ ᠢ ᠶᠠᠷᠢᠬᠤ ᠳᠤ᠂ ᠴᠠᠭ ᠬᠤᠭᠤᠴᠠᠭᠠᠨ ᠤ ᠬᠤᠪᠢᠷᠠᠯᠲᠠ ᠨᠢ ᠶᠠᠭ ᠯᠠ ᠲᠡᠷᠡᠬᠦ ᠣᠷᠭᠢᠯᠤᠮ᠎ᠠ ᠬᠠᠯᠠᠭᠤᠨ ᠰᠡᠳᠬᠢᠯᠭᠡ ᠲᠠᠢ ᠣᠨ ᠰᠠᠷ᠎ᠠ ᠶᠢᠨ ᠳᠤᠷᠠᠰᠤᠮᠵᠢ ᠶᠢ ᠶᠡᠷᠦ ᠠᠴᠠ ᠠᠪᠴᠤ ᠶᠠᠪᠤᠭ᠎ᠠ ᠦᠭᠡᠢ ᠰᠢᠭ ᠲᠣᠪ ᠲᠣᠳᠣᠷᠬᠠᠢ ᠴᠡᠭᠡᠵᠢᠯᠡᠭᠰᠡᠭᠡᠷ ᠪᠠᠶᠢᠨ᠎ᠠ᠃ 17 ᠨᠠᠰᠤᠲᠠᠶ ᠳᠠᠭᠠᠨ ᠴᠡᠷᠢᠭ ᠲᠤ ᠣᠷᠣᠵᠤ᠂ 21 ᠨᠠᠰᠤᠲᠠᠶ ᠳᠠᠭᠠᠨ ᠨᠠᠮ ᠳᠤ ᠣᠷᠣᠵᠤ᠂ 1965 ᠣᠨ ᠳᠤ ᠮᠦᠭᠳᠡᠨ ᠤ ᠴᠡᠷᠢᠭ ᠤᠨ ᠲᠣᠭᠤᠷᠢᠭ ᠠᠴᠠ ᠡᠷᠢᠶᠡᠨ ᠳᠤ ᠰᠢᠯᠵᠢᠨ ᠪᠣᠭᠤᠮᠲᠠ ᠶᠢᠨ ᠪᠦᠳᠦᠭᠡᠨ ᠪᠠᠶᠢᠭᠤᠯᠤᠯᠲᠠ ᠶᠢ ᠲᠤᠰᠠᠯᠠᠵᠤ᠂ ᠲᠤᠬᠠᠶ ᠶᠢᠨ ᠦᠶ᠎ᠡ ᠶᠢᠨ ᠬᠤᠳᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠠᠷᠠᠯᠵᠢᠶᠠᠨ ᠤ ᠤᠯᠤᠰ ᠲᠦᠷᠦ ᠶᠢᠨ ᠬᠡᠯᠲᠡᠰ ᠲᠤ ᠬᠤᠪᠢᠶᠠᠭᠳᠠᠪᠠ᠃ ᠨᠠᠰᠤᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠲᠠᠪᠢ ᠵᠢᠷᠠᠭᠠᠳ ᠣᠨ ᠤ ᠦᠶ᠎ᠡ ᠳᠤ᠂ ᠡᠷᠢᠶᠡᠨ ᠳᠤ ᠴᠥᠮ ᠵᠢᠵᠢᠭ ᠪᠠᠶᠢᠰᠢᠩ᠂ ᠡᠯᠡᠰᠦ ᠰᠢᠷᠣᠶ ᠶᠢᠨ ᠵᠠᠮ ᠪᠠᠶᠢᠵᠤ᠂ ᠬᠥᠮᠦᠨ ᠠᠮᠠ ᠴᠥᠭᠡᠨ᠂ ᠰᠠᠯᠬᠢ ᠰᠢᠭᠤᠷᠭᠠᠨ ᠶᠡᠬᠡᠳᠠᠢ᠂ ᠠᠭᠤᠷ ᠠᠮᠢᠰᠬᠤᠯ ᠲᠦᠢᠯ ᠤᠨ ᠮᠠᠭᠤ ᠪᠠᠶᠢᠪᠠ᠃ ᠡᠷᠢᠶᠡᠨ ᠬᠤᠳᠠ ᠶᠢ ᠪᠦᠳᠦᠭᠡᠨ ᠪᠠᠶᠢᠭᠤᠯᠬᠤ ᠳᠤ ᠤᠷᠢᠳᠠᠪᠠᠷ ᠵᠠᠮ ᠵᠠᠰᠠᠬᠤ ᠳᠠᠭᠠᠨ ᠡᠯᠡᠰᠦ ᠰᠢᠷᠣᠶ ᠶᠢᠨ ᠵᠠᠮ ᠢ ᠴᠠᠷᠳᠠᠮᠠᠯ ᠵᠠᠮ ᠪᠣᠯᠭᠠᠨ ᠳᠡᠪᠢᠰᠬᠦ ᠬᠡᠷᠡᠭᠲᠡᠶ᠂ ᠬᠤᠳᠠ ᠶᠢᠨ ᠤᠳᠤᠷᠢᠳᠤᠯᠭ᠎ᠠ ᠨᠠᠷ ᠮᠣᠩᠭᠤᠯ ᠬᠢᠲᠠᠳ ᠭᠡᠰᠡᠨ ᠦᠭᠡᠢ ᠴᠥᠮ ᠮᠠᠨ ᠤ ᠵᠠᠯᠠᠭᠤᠴᠤᠳ ᠲᠠᠢ ᠬᠠᠮᠲᠤ ᠪᠠᠷ ᠡᠯᠡᠰᠦ ᠳᠠᠮᠨᠠᠵᠤ᠂ ᠴᠢᠯᠠᠭᠤ ᠳᠠᠮᠨᠠᠵᠤ᠂ ᠣᠨᠴᠣᠭᠤᠶᠢᠯᠠᠨ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ᠃ ᠲᠡᠷᠡ ᠦᠶ᠎ᠡ ᠳᠤ ᠶᠠᠳᠠᠷᠠᠯ ᠵᠦᠳᠡᠷᠡᠯ ᠭᠡᠭᠴᠢ ᠶᠠᠭᠤ ᠪᠣᠯᠬᠤ ᠶᠢ ᠪᠢᠳᠡ ᠶᠡᠷᠦ ᠮᠡᠳᠡᠬᠦ ᠦᠭᠡᠢ᠂ ᠦᠣᠷ ᠴᠠᠶᠢᠳᠠᠯ᠎ᠠ ᠠᠵᠢᠯᠯᠠᠬᠤ ᠣᠳᠠᠭ᠎ᠠ ᠵᠦᠩᠳᠡᠬᠡᠨ ᠭᠠᠷᠳᠠᠭ᠃ ᠠᠵᠢᠯᠯᠠᠵᠤ ᠪᠠᠷᠠᠭᠰᠠᠨ ᠤ ᠲᠠᠷᠠᠭ᠎ᠠ ᠮᠠᠨ ᠤ ᠨᠢᠭᠡ ᠪᠦᠯᠦᠭ ᠵᠠᠯᠠᠭᠤᠴᠤᠳ ᠪᠠᠰᠠ ᠰᠠᠭᠰᠤᠨ ᠪᠥᠮᠪᠦᠭᠡ ᠶᠢᠨ ᠲᠠᠯᠠᠪᠠᠢ ᠳᠤ ᠣᠴᠢᠵᠤ ᠰᠠᠭᠰᠤᠨ ᠪᠥᠮᠪᠦᠭᠡ ᠨᠠᠭᠠᠳᠤᠨ᠎ᠠ᠂ ᠪᠥᠮᠪᠦᠭᠡ ᠨᠠᠭᠠᠳᠴᠤ ᠪᠠᠷᠠᠭᠠᠳ ᠨᠢᠭᠤᠷ ᠢᠶᠠᠨ ᠤᠬᠢᠶᠠᠨ᠎ᠠ᠂ ᠥᠷᠯᠥᠭᠡ ᠶᠢᠨ ᠬᠤᠭᠤᠯᠠ ᠪᠠᠨ ᠢᠳᠡᠵᠦ ᠪᠠᠶᠢᠭᠠᠳ ᠪᠠᠰᠠ ᠠᠵᠢᠯ ᠳᠠᠭᠠᠨ ᠭᠠᠷᠤᠨ᠎ᠠ᠃ ᠲᠡᠷᠡ ᠦᠶ᠎ᠡ ᠳᠤ ᠲᠡᠷᠡ ᠴᠢᠭ ᠢᠶᠠᠷ ᠢᠶᠠᠨ ᠤᠶᠦᠠ ᠰᠠᠨᠠᠭᠠᠨ ᠤ ᠬᠦᠴᠦᠨ ᠳᠤ ᠲᠦᠰᠢᠭᠯᠡᠭᠡᠳ  ᠬᠦᠯᠦᠰᠦ ᠣᠯᠭᠤᠮᠵᠢ᠂ ᠨᠦᠬᠦᠴᠡᠯ ᠬᠠᠷᠠᠭᠠᠯᠵᠠᠯ ᠢ  ᠡᠷᠬᠢᠮᠯᠡᠳᠡᠭ ᠦᠭᠡᠢ᠂ ᠬᠤᠪᠢ ᠨᠡᠮᠡᠷᠢ  ᠦᠵᠡᠬᠦᠯᠬᠦ ᠶᠢ ᠯᠡ ᠪᠣᠳᠣᠳᠠᠭ᠃ ᠤᠳᠤ ᠶᠢᠨ ᠰᠢᠤᠸᠠᠢ ᠹᠦ᠋ ᠰᠢᠨ ᠶᠤᠸᠠᠨ ᠪᠠᠭ᠎ᠠ ᠲᠣᠭᠤᠷᠢᠭ ᠪᠣᠯᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠬᠠᠪᠢ ᠳᠤ ᠲᠡᠷᠡ ᠦᠶ᠎ᠡ ᠳᠤ ᠵᠥᠪᠬᠡᠨ ᠨᠢᠭᠡ ᠯᠡ ᠰᠠᠯᠬᠢ ᠬᠠᠯᠬᠠᠯᠠᠬᠤ ᠰᠢᠷᠣᠶ ᠶᠢᠨ ᠬᠡᠷᠡᠮ ᠪᠠᠶᠢᠪᠠ᠂ ᠡᠨᠡ ᠨᠢ ᠬᠤᠳᠠ ᠶᠢᠨ ᠤᠳᠤᠷᠢᠳᠤᠯᠭ᠎ᠠ ᠪᠣᠯᠤᠨ ᠪᠦᠬᠦ ᠬᠤᠳᠠ ᠶᠢᠨ ᠠᠷᠠᠳ ᠤᠳ ᠨᠢᠭᠡ ᠨᠢᠭᠡ ᠳᠠᠮᠨᠠᠭᠤᠷ ᠢᠶᠠᠷ ᠤᠰᠤ ᠵᠦᠬᠡᠬᠡᠵᠦ᠂ ᠨᠢᠭᠡ ᠬᠦᠷᠵᠡ ᠨᠢᠭᠡ ᠬᠦᠷᠵᠡ ᠪᠠᠷ ᠰᠢᠷᠣᠶ  ᠣᠳᠬᠤᠵᠦ ᠪᠠᠷᠢᠭᠰᠠᠨ ᠪᠢᠯᠠ᠃  ᠲᠡᠷᠡ ᠦᠶ᠎ᠡ ᠳᠤ ᠠᠮᠢᠳᠤᠷᠠᠯ ᠤᠨ ᠬᠡᠷᠡᠭᠯᠡᠭᠡᠨ ᠤ ᠤᠰᠤ ᠶᠢ ᠪᠦᠷ ᠭᠠᠳᠠᠨ᠎ᠠ ᠠᠴᠠ ᠵᠦᠬᠡᠬᠡᠵᠦ ᠠᠪᠴᠢᠷᠡᠨ᠎ᠡ᠂ ᠤᠳᠤ ᠶᠢᠨ ᠲᠦᠭᠡᠭᠡᠯ ᠤᠰᠤ ᠠᠶᠢᠯ ᠡᠷᠦᠬᠡ ᠪᠣᠯᠭᠠᠨ ᠳᠤ ᠣᠷᠣᠵᠤ ᠢᠷᠡᠭᠰᠡᠨ ᠰᠢᠭ ᠪᠢᠰᠢ᠂ ᠲᠡᠷᠡ ᠦᠶ᠎ᠡ ᠳᠤ ᠬᠡᠯᠡᠪᠡᠯ ᠦᠨᠡᠬᠡᠷ ᠲᠦᠢᠯ ᠤᠨ ᠬᠦᠴᠢᠷ ᠪᠡᠷᠬᠡᠰᠢᠶᠡᠯ ᠲᠠᠢ ᠪᠠᠶᠢᠭᠰᠠᠨ ᠶᠤᠮ ᠃  ᠴᠠᠭ ᠦᠶ᠎ᠡ ᠶᠢᠨ ᠬᠥᠭᠵᠢᠯᠲᠡ ᠶᠢ ᠳᠠᠭᠠᠯᠳᠤᠨ᠂ ᠤᠯᠤᠰ ᠣᠷᠣᠨ ᠬᠦᠴᠦᠷᠬᠡᠭᠵᠢᠵᠦ᠂ ᠬᠤᠲᠠ ᠶᠢᠨ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ ᠡᠷᠢᠶᠡᠨ ᠬᠤᠲᠠ ᠶᠢᠨ ᠬᠤᠪᠢᠷᠠᠯᠲᠠ ᠡᠳᠦᠷ ᠢᠷᠡᠬᠦᠶ᠎ᠡ ᠰᠢᠨᠡᠳᠦᠨ ᠬᠤᠪᠢᠷᠠᠵᠤ᠂ ᠭᠠᠵᠠᠷ ᠪᠣᠯᠭᠠᠨ ᠳᠤ ᠴᠥᠮ ᠰᠢᠨ᠎ᠡ ᠪᠠᠷᠢᠯᠭ᠎ᠠ  ᠪᠣᠰᠴᠦ᠂ ᠭᠡᠷᠡᠯᠲᠦᠭᠦᠯᠬᠦ᠂ ᠬᠠᠲᠠᠭᠤᠷᠠᠭᠤᠯᠬᠤ᠂ ᠭᠤᠶᠣᠯᠠᠬᠤ᠂ ᠨᠣᠭᠤᠭᠠᠷᠠᠭᠤᠯᠬᠤ ᠠᠵᠢᠯ ᠢ ᠴᠥᠮ ᠮᠠᠰᠢ ᠰᠠᠶᠢᠨ ᠬᠢᠵᠦ᠂ ᠠᠮᠢᠳᠤᠷᠠᠯ ᠤᠨ ᠣᠷᠴᠢᠨ ᠨᠥᠬᠦᠴᠡᠯ ᠨᠢ ᠮᠠᠰᠢ ᠰᠠᠶᠢᠨ ᠪᠣᠯᠵᠠᠶ᠂ ᠣᠳᠣ ᠶᠢᠨ ᠵᠣᠯ ᠵᠢᠷᠭᠠᠯᠲᠤ ᠠᠮᠢᠳᠤᠷᠠᠯ ᠪᠣᠯ ᠦᠨᠡᠬᠡᠷ ᠬᠢᠯᠪᠠᠷ ᠪᠤᠰᠤ ᠪᠠᠷ ᠢᠷᠡᠭᠰᠡᠨ ᠶᠤᠮ᠂ ᠪᠢᠳᠡ ᠡᠭᠦᠨ ᠢ ᠵᠠᠪᠠᠯ ᠨᠠᠨᠳᠢᠩᠨᠠᠬᠤ ᠬᠡᠷᠡᠭᠲᠡᠶ︾ ᠭᠡᠵᠡᠶ᠃
              ᠠᠮᠢᠳᠤᠷᠠᠯ ᠳᠤᠮᠳᠠᠬᠢ ᠯᠢᠦ ᠰᠢᠩ ᠺᠤᠸᠠᠨ    ᠯᠢᠦ ᠰᠢᠩ ᠺᠤᠸᠠᠨ ᠨᠠᠰᠤᠲᠠᠨ ᠰᠤᠷᠪᠤᠯᠵᠢᠯᠠᠭᠴᠢ ᠳᠤ᠄ ︽ᠮᠠᠨ ᠤ ᠤᠯᠤᠰ ᠤᠨ ᠬᠦᠴᠦᠷᠬᠡᠭ ᠶᠡᠭᠡ ᠨᠢ ᠡᠪ ᠬᠠᠮᠲᠤ ᠨᠠᠮ ᠤᠨ ᠤᠳᠤᠷᠢᠳᠤᠯᠭ᠎ᠠ᠂ ᠠᠷᠠᠳ ᠲᠦᠮᠡᠨ ᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠳᠦᠰᠦᠲᠡᠨ ᠨᠦᠭᠦᠳ ᠤᠨ ᠴᠢᠩ ᠦᠨᠡᠨᠴᠢ ᠪᠦᠯᠬᠦᠮᠳᠡᠯ ᠳᠤ ᠲᠦᠰᠢᠭᠯᠡᠨ᠎ᠡ᠃ ᠦᠨᠳᠦᠰᠦᠲᠡᠨ ᠨᠦᠭᠦᠳ ᠪᠦᠯᠬᠦᠮᠳᠡᠵᠦ᠂ ᠤᠯᠤᠰ ᠣᠷᠣᠨ ᠬᠥᠭᠵᠢᠪᠡᠯ ᠰᠠᠶ᠋ᠢ ᠨᠡᠩ ᠠᠷᠪᠢᠨ ᠨᠡᠩ ᠬᠥᠭᠵᠢᠭᠰᠡᠨ ᠰᠢᠨᠵᠢᠯᠡᠬᠦ ᠤᠬᠠᠭᠠᠨ ᠮᠡᠷᠭᠡᠵᠢᠯ᠂ ᠨᠡᠩ ᠠᠷᠪᠢᠨ ᠡᠳ᠋ ᠪᠠᠶᠠᠯᠢᠭ᠂ ᠨᠡᠩ ᠰᠠᠶᠢᠨ ᠰᠠᠶᠢᠬᠠᠨ ᠠᠮᠢᠳᠤᠷᠠᠯ ᠢ ᠡᠭᠦᠳᠦᠨ ᠪᠦᠲᠦᠭᠡᠵᠦ ᠴᠢᠳᠠᠨ᠎ᠠ᠃ ᠵᠠᠯᠠᠭᠤ ᠬᠥᠮᠦᠨ ᠪᠣᠯᠤᠭᠰᠠᠨ ᠤ ᠬᠤᠪᠢ ᠳᠤ ᠥᠩᠭᠡᠷᠡᠭᠰᠡᠨ ᠢᠶᠠᠨ ᠨᠠᠨᠳᠢᠩᠨᠠᠨ᠂ ᠢᠷᠡᠭᠡᠳᠦᠶ ᠪᠠᠨ ᠪᠠᠷᠠᠯᠠᠵᠤ᠂ ᠥᠪᠡᠷ ᠤᠨ ᠰᠤᠷᠤᠯᠴᠠᠯᠭ᠎ᠠ᠂ ᠥᠪᠡᠷ ᠤᠨ ᠥᠭᠡᠷᠡᠴᠢᠯᠡᠯᠲᠡ᠂ ᠥᠪᠡᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠨᠠᠮ ᠢᠶᠠᠨ ᠬᠠᠶᠢᠷᠠᠯᠠᠵᠤ᠂ ᠡᠬᠡ ᠤᠯᠤᠰ ᠢᠶᠠᠨ ᠬᠠᠶᠢᠷᠠᠯᠠᠵᠤ᠂ ᠨᠤᠲᠤᠭ ᠤᠰᠤ ᠪᠠᠨ ᠬᠠᠶᠢᠷᠠᠯᠠᠬᠤ ᠬᠡᠷᠡᠭᠲᠡᠶ︾ ᠭᠡᠵᠡᠶ᠃     ︽ᠡᠨᠡ ᠵᠢᠯ ᠪᠣᠯ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ ᠮᠠᠨ ᠤ ᠡᠷᠢᠶᠡᠨ ᠬᠤᠲᠠ ᠶᠢᠨ ᠬᠢᠨ ᠢᠷᠡᠭᠡᠳᠦᠶ ᠶᠢᠨ ᠬᠥᠭᠵᠢᠯᠲᠡ ᠶᠢᠨ ᠳᠤᠮᠳᠠ ᠪᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠳᠠᠬᠢᠨ ᠨᠢᠭᠡᠨ ᠳᠡᠭᠲᠡᠷ ᠲᠤ ᠭᠠᠷᠬᠤ ᠶᠢ ᠬᠦᠰᠡᠵᠦ ᠪᠠᠶᠢᠨ᠎ᠠ︾  ᠬᠡᠵᠦ ᠯᠢᠦ ᠰᠢᠩ ᠺᠤᠸᠠᠨ ᠨᠠᠰᠤᠲᠠᠨ ᠦᠨᠡᠨ ᠰᠡᠳᠬᠢᠯ ᠠᠴᠠ ᠪᠠᠨ ᠬᠡᠯᠡᠪᠡ᠃
        ᠨᠣᠮ ᠤᠩᠰᠢᠵᠤ ᠪᠠᠶᠢᠭ᠎ᠠ ᠨᠢ    ᠴᠠᠭ ᠮᠥᠴᠡ ᠬᠡᠳᠦᠶᠢᠪᠡᠷ ᠦᠩᠬᠡᠷᠡᠵᠦ ᠪᠠᠶᠢᠪᠠᠴᠦ᠂ ᠦᠩᠬᠡᠷᠡᠭᠰᠡᠨ ᠣᠨ ᠰᠠᠷ᠎ᠠ ᠶᠢᠨ ᠤᠯᠠ ᠮᠥᠷ ᠨᠢ ᠨᠠᠰᠤᠲᠠᠨ ᠤ ᠰᠡᠳᠬᠢᠯ ᠳᠤ  ᠬᠦᠨ ᠬᠠᠳᠠᠩᠰᠢᠵᠠᠶ᠃ ᠣᠳᠣᠬᠠᠨ ᠳᠤ᠂ 80 ᠨᠠᠰᠤᠲᠠᠢ ᠯᠢᠦ ᠰᠢᠩ ᠺᠤᠸᠠᠨ ᠨᠠᠰᠤᠲᠠᠨ ᠠᠵᠢᠯ ᠠᠴᠠ ᠪᠠᠨ ᠪᠠᠭᠤᠵᠤ ᠭᠡᠷ ᠲᠡᠭᠡᠨ ᠰᠠᠭᠤᠵᠤ᠂ ᠡᠳᠦᠷ ᠪᠦᠷᠢ ᠨᠣᠮ ᠤᠩᠰᠢᠵᠤ ᠰᠣᠨᠢᠨ ᠦᠵᠡᠵᠦ ᠪᠠᠶᠢᠨ᠎ᠠ᠂ ᠡᠭᠦᠨ ᠳᠤ ᠬᠠᠮᠤᠭ ᠠᠴᠠ ᠢᠯᠡᠭᠦᠦ ᠰᠡᠳᠬᠢᠯ ᠲᠠᠯᠪᠢᠵᠤ ᠪᠠᠶᠢᠭ᠎ᠠ ᠨᠢ ᠬᠠᠰᠢ ᠯᠠ ᠤᠯᠤᠰ ᠤᠨ ᠶᠡᠭᠡ ᠶᠠᠪᠤᠳᠠᠯ ᠪᠣᠯᠤᠨ᠎ᠠ᠃ ᠲᠡᠷᠡ ᠬᠡᠯᠡᠭᠰᠡᠨ ᠨᠢ᠂ ᠲᠡᠦᠬᠡ ᠥᠩᠭᠡᠷᠡᠭᠰᠡᠨ ᠤ ᠶᠠᠪᠤᠳᠠᠯ ᠪᠣᠯᠬᠤ ᠶᠤᠮ᠂ ᠭᠡᠪᠡᠴᠦ ᠪᠢᠳᠡ ᠲᠡᠦᠬᠡ ᠪᠠᠷ ᠲᠣᠯᠢ ᠪᠣᠯᠭᠠᠵᠤ᠂ ᠤᠭ ᠰᠠᠨᠠᠭ᠎ᠠ ᠪᠠᠨ ᠥᠯᠥ ᠮᠠᠷᠲᠠᠨ᠂ ᠡᠷᠡᠮᠡᠬᠡᠶᠢᠯᠡᠨ ᠤᠷᠤᠭᠰᠢᠯᠠᠳᠠᠭ ᠯᠠ ᠶᠤᠮ ᠪᠣᠯ ᠮᠠᠨ ᠤ ᠡᠬᠡ ᠤᠯᠤᠰ ᠢᠶᠠᠨ ᠯᠠᠪᠲᠠᠶ ᠨᠡᠩ ᠪᠠᠶᠠᠨ ᠬᠦᠴᠦᠷᠬᠡᠭ ᠰᠠᠶᠢᠨ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ ᠴᠢᠳᠠᠬᠤ ᠶᠤᠮ ᠭᠡᠵᠡᠶ᠃    ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠵᠠᠩᠭᠢᠯᠠᠭ᠎ᠠ ᠶᠢᠨ ᠦᠶ᠎ᠡ ᠳᠤ ᠵᠣᠭᠰᠣᠵᠤ ᠡᠷᠭᠢᠴᠡᠭᠦᠯᠬᠦ ᠳᠤ᠂ ᠶᠠᠭ ᠦᠶ᠎ᠡ ᠦᠶ᠎ᠡ ᠶᠢᠨ ᠬᠢᠨ ᠯᠢᠦ ᠰᠢᠩ ᠺᠤᠸᠠᠨ ᠨᠠᠰᠤᠲᠠᠨ ᠰᠢᠭ᠋ ᠭᠤᠶᠠᠴᠢ ᠦᠭᠡᠢ ᠵᠢᠳᠬᠦᠵᠦ᠂ ᠤᠭ ᠰᠠᠨᠠᠭ᠎ᠠ ᠪᠠᠨ ᠦᠯᠦ ᠮᠠᠷᠲᠠᠭᠰᠠᠨ ᠡᠪ ᠬᠠᠮᠲᠤ ᠨᠠᠮ ᠤᠨ ᠭᠡᠰᠢᠭᠦᠨ ᠪᠢᠳᠡᠨ ᠳᠤ ᠬᠢᠵᠠᠭᠠᠯᠠᠰᠢ ᠦᠭᠡᠢ ᠦᠯᠢᠭᠡᠷ ᠳᠠᠭᠤᠷᠢᠶᠠᠯ ᠪᠠ ᠪᠢᠳᠡᠨ ᠢ ᠵᠣᠷᠢᠭᠵᠢᠭᠤᠯᠤᠨ ᠲᠠᠰᠤᠷᠠᠯᠲᠠ ᠦᠭᠡᠢ ᠤᠷᠤᠭᠰᠢᠯᠠᠭᠤᠯᠬᠤ ᠬᠦᠴᠦᠨ ᠴᠢᠳᠠᠯ ᠢ ᠣᠯᠭᠤᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号