ᠬᠤᠭᠤᠴᠠᠭ᠎ᠠ ᠰᠣᠯᠢᠬᠤ ᠦᠶ᠎ᠡ ᠳᠤ ᠰᠦᠵᠢ ᠭᠠᠴᠠᠭ᠎ᠠ ᠶᠢᠨ ᠬᠢᠨ ᠮᠠᠯᠴᠢᠳ ᠤᠨ ᠵᠥᠪᠯᠡᠯ ᠤᠨ ᠬᠤᠭᠤᠴᠠᠭ᠎ᠠ ᠰᠣᠯᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ ︽  ᠬᠠᠪᠰᠣᠷᠭᠠᠨ ᠬᠠᠷᠢᠭᠤᠴᠠᠬᠤ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/2/5
   2 ᠰᠠᠷ᠎ᠠ ᠶᠢᠨ 4 ᠤ ᠡᠳᠦᠷ᠂ ᠬᠡᠷᠡᠯᠳᠦᠠᠣᠳᠦ ᠰᠤᠮᠤ ᠶᠢᠨ ᠰᠦᠵᠢ ᠭᠠᠴᠠᠭ᠎ᠠ ᠬᠤᠭᠤᠴᠠᠭ᠎ᠠ ᠰᠣᠯᠢᠬᠤ ᠰᠣᠩᠭᠤᠭᠤᠯᠢ ᠶᠢᠨ ᠶᠡᠭᠡ ᠬᠤᠷᠠᠯ ᠬᠢᠵᠦ᠂ ᠰᠢᠨ᠎ᠡ ᠨᠢᠭᠡ ᠬᠤᠭᠤᠴᠠᠭᠠᠨ ᠤ ᠮᠠᠯᠴᠢᠳ ᠤᠨ ᠵᠥᠪᠯᠡᠯ ᠤᠨ ᠪᠠᠭ ᠢ ᠰᠣᠩᠭᠤᠨ ᠭᠠᠷᠭᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠳᠠᠭᠠᠭᠠᠴᠢᠯᠠᠨ ᠬᠠᠷᠢᠭᠤᠴᠠᠭᠰᠠᠨ ᠭᠠᠴᠠᠭ᠎ᠠ ᠶᠢᠨ ᠤᠳᠤᠷᠢᠳᠤᠯᠭ᠎ᠠ ᠯᠦ ᠪᠦᠦ ᠳ᠋ᠦᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷᠠᠨᠳᠠᠨ᠎ᠠ᠂ ᠬᠤᠲᠠ ᠶᠢᠨ ᠳᠡᠳ᠋ ᠳᠠᠷᠤᠭ᠎ᠠ  ᠴᠣᠭᠵᠢᠯ᠂ ᠬᠤᠲᠠ ᠶᠢᠨ ᠨᠠᠮ ᠤᠨ ᠬᠤᠷᠢᠶ᠎ᠠ ᠶᠢᠨ ᠭᠠᠴᠠᠭ᠎ᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠬᠤᠶᠠᠳᠤᠭᠠᠷ ᠵᠢᠯᠣᠭᠤᠳᠬᠤ ᠳᠤᠭᠤᠶᠢᠯᠠᠩ ᠵᠢᠴᠢ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠭᠤᠴᠠᠭ᠎ᠠ ᠰᠣᠯᠢᠬᠤ ᠠᠵᠢᠯ ᠤᠨ ᠨᠢᠭᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠬᠤᠷᠠᠯ ᠳᠤ ᠢᠷᠡᠵᠦ ᠵᠢᠭᠠᠨ ᠵᠢᠯᠣᠭᠤᠳᠪᠠ᠃
          ᠶᠡᠭᠡ ᠬᠤᠷᠠᠯ ᠤᠨ ᠠᠬᠤᠶ ᠲᠠᠯᠠᠪᠠᠢ    ᠶᠡᠭᠡ ᠬᠤᠷᠠᠯ ᠤᠨ ᠬᠤᠭᠤᠴᠠᠭᠠᠨ ᠳᠤ᠂ ᠰᠦᠵᠢ ᠭᠠᠴᠠᠭ᠎ᠠ ᠶᠢᠨ ᠬᠢᠨ ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠣᠩᠭᠤᠭᠤᠯᠢ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠵᠤ᠂ ᠬᠤᠷᠠᠯ ᠳᠤ ᠣᠷᠣᠯᠴᠠᠭᠰᠠᠳ ᠢ ᠡᠷᠬᠡᠪᠰᠢ ᠪᠥᠬᠦ ᠶᠠᠪᠤᠴᠠ ᠳᠤ ᠠᠮᠠᠪᠴᠢ ᠵᠡᠭᠦᠵᠦ᠂ ᠠᠮᠤᠷ ᠲᠦᠪᠰᠢᠨ ᠤ ᠵᠠᠶ ᠶᠢ ᠰᠠᠶᠢᠲᠤᠷ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
   ᠰᠣᠩᠭᠤᠭᠤᠯᠢ ᠶᠢᠨ ᠠᠷᠠᠳ ᠪᠡᠶ᠎ᠡ ᠶᠢᠨ ᠳᠤᠯᠠᠭᠠᠨ ᠢ ᠬᠡᠮᠵᠢᠵᠦ᠂ ᠮᠡᠳᠡᠭᠡ ᠵᠠᠩᠭᠢ ᠶᠢ  ᠪᠦᠷᠢᠳᠬᠡᠨ᠎ᠡ    ᠬᠤᠷᠠᠯ ᠠᠴᠠ ︽ᠰᠦᠵᠢ ᠭᠠᠴᠠᠭ᠎ᠠ ᠶᠢᠨ ᠮᠠᠯᠴᠢᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠲᠥᠰᠦᠯ︾ ᠢ ᠤᠩᠰᠢᠨ ᠨᠡᠶᠢᠲᠡᠯᠡᠵᠦ᠂ ᠬᠤᠷᠠᠯ ᠳᠤ ᠣᠷᠣᠯᠴᠠᠭᠰᠠᠳ ᠭᠠᠷ ᠡᠷᠭᠦᠨ ᠲᠥᠰᠦᠯ᠂ ᠪᠢᠯᠧᠲ ᠬᠢᠨᠠᠭᠴᠢ᠂ ᠪᠢᠯᠧᠲ ᠪᠦᠷᠢᠳᠬᠡᠭᠴᠢ᠂ ᠪᠢᠯᠧᠲ ᠣᠩᠰᠢᠭᠴᠢ ᠶᠢᠨ ᠨᠡᠷᠡᠰ ᠪᠣᠯᠤᠨ ︽ᠰᠦᠵᠢ ᠭᠠᠴᠠᠭ᠎ᠠ ᠶᠢᠨ ᠮᠠᠯᠴᠢᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠢᠯᠧᠲ ᠥᠭᠬᠦ ᠠᠷᠭ᠎ᠠ︾ ᠶᠢ ᠪᠠᠲᠤᠯᠠᠪᠠ᠃  
  ᠰᠣᠩᠭᠤᠭᠤᠯᠢ ᠶᠢᠨ ᠶᠠᠪᠤᠴᠠ ᠳᠤ ᠰᠣᠩᠭᠤᠭᠤᠯᠢ ᠶᠢᠨ ᠠᠷᠠᠳ ᠰᠣᠩᠭᠤᠭᠤᠯᠢ ᠶᠢᠨ ᠫᠢᠶᠣᠣ ᠪᠠᠨ ᠨᠠᠷᠢᠨ ᠬᠢᠨᠠᠮᠠᠭᠠᠶ ᠲᠠᠭᠯᠠᠵᠤ᠂ ᠫᠢᠶᠣᠣ ᠬᠢᠨᠠᠭᠴᠢ ᠶᠢᠨ ᠬᠢᠨᠠᠯᠲᠠ ᠳᠣᠣᠷ᠎ᠠ ᠫᠢᠶᠣᠣ ᠥᠭᠭᠦᠨ᠎ᠡ᠃ ᠰᠣᠩᠭᠤᠭᠤᠯᠢ ᠳᠤ ᠨᠢᠭᠤᠴᠠ ᠰᠣᠩᠭᠤᠭᠤᠯᠢ ᠶᠢᠨ ᠠᠷᠭ᠎ᠠ ᠪᠠᠷ ᠰᠦᠵᠢ ᠭᠠᠴᠠᠭᠠᠨ ᠤ ᠰᠢᠨ᠎ᠡ ᠨᠢᠭᠡ ᠬᠤᠭᠤᠴᠠᠭᠠᠨ ᠤ ᠮᠠᠯᠴᠢᠳ ᠤᠨ ᠵᠥᠪᠯᠡᠯ ᠤᠨ ᠭᠡᠰᠢᠭᠦᠨ ᠢ ᠰᠣᠩᠭᠤᠨ ᠭᠠᠷᠭᠠᠪᠠ᠃ ᠬᠠᠶᠢᠯᠠᠰᠤ ᠥᠨᠳᠥᠷ ᠪᠢᠯᠧᠲ ᠢᠶᠠᠷ ᠮᠠᠯᠴᠢᠳ ᠤᠨ ᠵᠥᠪᠯᠡᠯ ᠤᠨ ᠡᠷᠬᠢᠯᠡᠭᠴᠢ ᠪᠠᠷ ᠰᠣᠩᠭᠤᠭᠳᠠᠵᠤ᠂ ᠨᠠᠮ ᠤᠨ ᠡᠭᠦᠷ ᠤᠨ ᠱᠦᠵᠢ᠂ ᠡᠷᠬᠢᠯᠡᠭᠴᠢ ᠶᠢᠨ ᠲᠤᠰᠢᠶᠠᠯ ᠢ ᠭᠠᠭᠴᠠᠭᠠᠷ ᠡᠭᠦᠷᠭᠡᠯᠡᠬᠦ ᠶᠢ ᠪᠡᠶᠡᠯᠡᠭᠦᠯᠵᠡᠢ︔  ᠣᠳᠣᠵᠢᠪᠬᠤᠭ᠎ᠠ᠂ ᠨᠠᠷᠠᠯᠢᠭ ᠦᠨᠳᠣᠷ ᠪᠢᠯᠧᠲ ᠢᠶᠠᠷ ᠮᠠᠯᠵᠢᠯ ᠤᠨ ᠵᠥᠪᠯᠡᠯ ᠤᠨ ᠭᠡᠰᠢᠭᠦᠨ ᠢᠶᠠᠷ ᠰᠣᠩᠭᠤᠭᠳᠠᠪᠠ᠃  ᠨᠠᠷᠠᠨᠳᠠᠨ᠎ᠠ ᠰᠢᠨ᠎ᠡ ᠨᠢᠭᠡ ᠬᠤᠭᠤᠴᠠᠭᠠᠨ ᠤ ᠮᠠᠯᠴᠢᠳ ᠤᠨ ᠵᠥᠪᠯᠡᠯ ᠤᠨ ᠭᠡᠰᠢᠭᠦᠨ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠬᠦ ᠶᠢᠨ ᠬᠠᠮᠲᠤ ᠲᠡᠳᠡᠨ ᠳᠤ ᠰᠣᠩᠭᠤᠭᠳᠠᠭᠰᠠᠨ ᠦᠨᠡᠮᠯᠡᠯ ᠣᠯᠭᠤᠭᠰᠠᠨ ᠳᠤ ᠪᠠᠶᠠᠷ ᠬᠦᠷᠭᠡᠵᠡᠢ᠃
   ᠨᠠᠷᠠᠨᠳᠠᠨ᠎ᠠ ᠰᠢᠨ᠎ᠡ ᠨᠢᠭᠡ ᠬᠤᠭᠤᠴᠠᠭᠠᠨ ᠤ ᠮᠠᠯᠴᠢᠳ ᠤᠨ ᠵᠥᠪᠯᠡᠯ ᠤᠨ ᠭᠡᠰᠢᠭᠦᠨ ᠳᠤ ᠰᠣᠩᠭᠤᠭᠳᠠᠭᠰᠠᠨ ᠦᠨᠡᠮᠯᠡᠯ ᠣᠯᠭᠤᠪᠠ
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号