ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ 2020 ᠣᠨ ᠤ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/2/8
    2 ᠰᠠᠷ᠎ᠠ ᠶᠢᠨ 6 ᠤ ᠡᠳᠦᠷ᠂ ᠡᠷᠢᠶᠡᠨ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠧᠩ ᡁᠢ ᠵᠢᠶᠦ᠋ᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠳᠠ ᠶᠢᠨ ᠨᠠᠮ ᠤᠨ ᠬᠤᠷᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠶᠠᠩ ᠶᠦᠩ ᠨᠥᠬᠦᠷ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
    ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠴᠢᠨᠰᠠᠭ᠎ᠠ ᠲᠠᠢ ᠬᠤᠷᠠᠯᠳᠤᠭᠤᠯᠬᠤ᠂ ᠪᠣᠳᠠᠲᠤ ᠦᠷ᠎ᠡ ᠪᠦᠲᠦᠮᠵᠢ ᠲᠠᠢ ᠬᠤᠷᠠᠯᠳᠤᠭᠤᠯᠬᠤ ᠶᠢ ᠦᠨᠡᠨ ᠬᠦ ᠪᠠᠲᠤᠯᠠᠬᠤ ᠶᠢᠨ  ᠳᠣᠯᠠᠳᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠬᠤᠷᠠᠯ ᠠᠴᠠ ᠡᠮᠦᠨ᠎ᠡ  ᠬᠦᠢᠴᠡᠳ ᠪᠡᠯᠡᠳᠬᠡᠯ ᠠᠵᠢᠯ ᠬᠢᠵᠦ᠂ ᠰᠤᠷᠤᠯᠴᠠᠵᠤ ᠰᠤᠳᠤᠯᠤᠨ ᠶᠠᠷᠢᠯᠴᠠᠬᠤ ᠶᠢ ᠭᠦᠨᠵᠡᠭᠡᠶ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠴᠢᠩ ᠦᠨᠡᠨᠴᠢ ᠪᠠᠷ ᠰᠡᠳᠬᠢᠯ ᠤᠨ ᠦᠭᠡ ᠪᠠᠨ ᠶᠠᠷᠢᠯᠴᠠᠵᠤ᠂ ᠪᠠᠶᠢᠴᠠᠭᠠᠨ ᠦᠵᠡᠬᠦ ᠵᠠᠳᠠᠯᠤᠯᠲᠠ ᠶᠢᠨ ᠮᠠᠲ᠋ᠧᠷᠢᠶᠠᠯ ᠢ ᠨᠠᠷᠢᠨ ᠬᠢᠨᠠᠮᠠᠭᠠᠶ ᠪᠢᠴᠢᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃  ᠭᠧᠩ ᡁᠢ ᠵᠢᠶᠦ᠋ᠨ ᠨᠥᠬᠦᠷ ᠡᠩ ᠲᠡᠷᠢᠭᠦᠨ ᠳᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠭᠰᠠᠨ ᠪᠠᠶᠢᠴᠠᠭᠠᠯᠲᠠ ᠬᠢᠵᠦ᠂ ᠳᠠᠷᠠᠭ᠎ᠠ ᠨᠢ ᠭᠧᠩ ᡁᠢ ᠵᠢᠶᠦ᠋ᠨ ᠨᠥᠬᠦᠷ ᠪᠣᠯᠤᠨ ᠪᠤᠰᠤᠳ ᠤᠳᠤᠷᠢᠳᠬᠤ ᠪᠠᠭ ᠤᠨ ᠪᠦᠷᠢᠯᠳᠦᠬᠦᠨ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃ ᠶᠠᠩ ᠶᠦᠩ ᠨᠥᠬᠦᠷ ᠤᠨ ᠦᠵᠡᠬᠦ ᠪᠠᠷ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠤᠳᠤᠷᠢᠳᠬᠤ ᠪᠠᠭ ᠤᠨ ᠪᠦᠷᠢᠯᠳᠦᠬᠦᠨ ᠨᠢ ᠰᠢᠭᠤᠳ ᠰᠢᠯᠤᠭᠤᠨ ᠢᠶᠠᠷ ᠬᠠᠷᠢᠯᠴᠠᠵᠤ᠂ ᠨᠢᠭᠤᠷ ᠤᠯᠠᠶᠢᠨ ᠬᠥᠯᠥᠰᠥ ᠭᠠᠷᠴᠤ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠯ ᠢᠶᠠᠨ ᠴᠢᠩᠭᠠᠳᠬᠠᠬᠤ ᠵᠣᠷᠢᠯᠭ᠎ᠠ ᠳᠠᠭᠠᠨ ᠬᠦᠷᠴᠦ ᠴᠢᠳᠠᠭᠰᠠᠨ ᠨᠢ ᠨᠢᠭᠡ ᠤᠳᠠᠭ᠎ᠠ ᠶᠢᠨ ᠠᠮᠵᠢᠯᠲᠠ ᠲᠠᠢ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠤᠨ᠎ᠠ᠃ ᠬᠤᠷᠠᠯ ᠠᠴᠠ᠂ ᠠᠰᠠᠭᠤᠳᠠᠯ ᠳᠤ ᠵᠥᠪ ᠢᠶᠠᠷ ᠬᠠᠨᠳᠤᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠬᠡᠷᠡᠭᠲᠡᠢ᠃ ᠤᠳᠤᠷᠢᠳᠬᠤ ᠪᠠᠭ ᠪᠣᠯᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠦᠵᠡᠵᠦ ᠵᠠᠳᠠᠯᠤᠨ ᠰᠢᠨᠵᠢᠭᠰᠡᠨ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠪᠠᠨ ᠲᠠᠨᠢᠵᠤ᠂ ᠨᠥᠬᠦᠳ ᠤᠨ ᠢᠶᠠᠨ ᠳᠤᠷᠠᠳᠤᠭᠰᠠᠨ ᠰᠢᠭᠦᠮᠵᠢᠯᠡᠯ ᠰᠠᠨᠠᠯ ᠳᠤ ᠵᠥᠪ ᠬᠠᠨᠳᠤᠵᠤ᠂ ᠳᠠᠷᠤᠤ ᠬᠢᠴᠢᠶᠡᠩᠭᠦᠢ ᠣᠪᠣᠷ ᠢᠶᠠᠷ ᠬᠦᠯᠢᠶᠡᠨ ᠠᠪᠴᠤ᠂ ᠡᠷᠭᠢᠴᠡᠭᠦᠯᠦᠨ ᠪᠣᠳᠣᠯᠬᠢᠯᠠᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠵᠤ᠂ ᠴᠢᠳᠠᠮᠠᠭᠠᠢ ᠪᠠᠶᠢᠵᠤ᠂ ᠵᠣᠷᠢᠭᠲᠠᠢ ᠪᠠᠷ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠳᠤ ᠬᠠᠨᠳᠤᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠰᠡᠳᠬᠢᠯ ᠳᠡᠭᠡᠨ ᠪᠤᠳᠤᠵᠤ᠂ ᠬᠠᠷᠢᠭᠤᠴᠠᠯᠭ᠎ᠠ ᠪᠠᠨ ᠪᠡᠶ᠎ᠡ ᠪᠠᠷ ᠢᠶᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠤᠳᠤᠷᠢᠳᠬᠤ ᠪᠠᠭ ᠤᠨ ᠪᠦᠷᠢᠯᠳᠦᠬᠦᠨ ᠤ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠴᠠᠭ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ᠃      ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ ᠃ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠶ ᠠᠬᠢᠭᠤᠯᠬᠤ ᠳᠡᠭᠡᠷ᠎ᠡ ᠬᠦᠴᠦ ᠣᠷᠣᠭᠤᠯᠵᠤ᠂ ᠪᠠᠭ ᠤᠨ ᠴᠡᠭᠴᠡᠯᠡᠨ ᠰᠠᠶᠢᠵᠢᠷᠠᠭᠤᠯᠬᠤ ᠶᠢ ᠲᠣᠰ ᠪᠡᠶ᠎ᠡ ᠶᠢᠨ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠪᠣᠳᠠᠲᠠᠶ ᠠᠰᠠᠭᠤᠳᠠᠯ ᠢ  ᠰᠢᠢᠳᠪᠣᠷᠢᠯᠡᠬᠦ ᠶᠢ ᠦᠵᠡᠯ ᠰᠠᠨᠠᠭᠠᠨ ᠤ ᠠᠰᠠᠭᠤᠳᠠᠯ ᠢ  ᠰᠢᠢᠳᠪᠣᠷᠢᠯᠡᠬᠦ ᠲᠠᠢ ᠤᠶᠠᠯᠳᠤᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ᠂ ᠪᠥᠬᠦ ᠬᠤᠲᠠ ᠶᠢᠨ ᠬᠥᠭᠵᠢᠯᠲᠡ ᠶᠢᠨ ᠳᠤᠮᠳᠠᠬᠢ ᠬᠦᠴᠢᠷ ᠠᠰᠠᠭᠤᠳᠠᠯ ᠢ  ᠰᠢᠢᠳᠪᠣᠷᠢᠯᠡᠬᠦ ᠶᠢ ᠱᠠᠯᠠᠪᠳᠠᠭᠤᠯᠬᠤ ᠶᠢ ᠤᠶᠠᠯᠳᠤᠭᠤᠯᠵᠤ᠂ ᠡᠷᠢᠵᠦ ᠭᠠᠷᠭᠠᠭᠰᠠᠨ ᠠᠰᠠᠭᠤᠳᠠᠯ ᠢ ᠳᠠᠬᠢᠨ ᠡᠮᠬᠢᠯᠡᠵᠦ ᠳᠠᠬᠢᠨ ᠲᠥᠪᠯᠡᠷᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠬᠠᠷᠠᠯᠲᠠ ᠶᠢᠨ ᠡᠬᠡ ᠲᠠᠩᠰᠠ ᠪᠠᠶᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠲᠠᠩᠰᠠ ᠬᠠᠷᠭᠤᠭᠤᠯᠤᠨ ᠳ᠋ᠤᠭᠠᠷ ᠢ ᠬᠠᠰᠤᠵᠤ᠂ ᠪᠣᠳᠠᠲᠤ ᠠᠵᠢᠯᠯᠠᠭ᠎ᠠ ᠪᠠᠷ ᠢᠶᠠᠨ ᠴᠡᠭᠴᠡᠯᠡᠨ ᠰᠠᠶᠢᠵᠢᠷᠠᠭᠤᠯᠬᠤ ᠠᠮᠠᠯᠠᠯᠲᠠ ᠪᠠᠨ ᠦᠶ᠋ᠯᠡᠳᠦᠯᠭᠡᠵᠢᠭᠦᠯᠬᠦ ᠬᠡᠷᠡᠭᠲᠡᠶ᠃ ᠦᠷ᠎ᠡ ᠪᠦᠲᠦᠭᠡᠯ ᠢᠶᠠᠨ ᠬᠤᠪᠢᠷᠠᠭᠤᠯᠵᠤ᠂ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠪᠡᠶᠡᠯᠡᠭᠦᠯᠬᠦ ᠬᠡᠷᠡᠭᠲᠡᠢ᠃ ᠪᠠᠭ ᠤᠨ ᠪᠦᠷᠢᠯᠳᠦᠬᠦᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠦᠨᠡᠨ ᠪᠣᠳᠠᠲᠠᠢ ᠦᠨᠡᠨᠴᠢ ᠪᠦᠯᠬᠦᠮᠳᠡᠯ ᠢᠶᠠᠨ ᠴᠢᠩᠭᠠᠳᠬᠠᠬᠤ᠂ ᠠᠯᠬᠤᠮ ᠨᠢᠭᠡᠲᠡᠢ ᠪᠠᠶᠢᠬᠤ ᠶᠢ ᠪᠡᠶᠡᠯᠡᠭᠦᠯᠬᠦ ᠠᠰᠢᠭᠲᠠᠢ ᠠᠵᠠ ᠲᠣᠬᠢᠶᠠᠯ ᠪᠣᠯᠭᠠᠨ ᠬᠤᠪᠢᠷᠠᠭᠤᠯᠵᠤ᠂ ᠤᠯᠠᠮ ᠴᠢᠨᠠᠭᠰᠢᠳᠠ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠬᠡᠷᠡᠭᠲᠡᠢ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ 2021 ᠣᠨ ᠤ ᠠᠵᠢᠯ ᠢ ᠲᠥᠯᠥᠪᠵᠢᠭᠦᠯᠬᠦ ᠰᠡᠳᠬᠢᠴᠡ ᠪᠣᠯᠤᠨ ᠪᠣᠳᠠᠲᠠᠢ ᠠᠷᠭ᠎ᠠ ᠬᠡᠮᠵᠢᠶ᠎ᠡ ᠪᠣᠯᠭᠠᠨ ᠯᠠᠪᠳᠠᠭᠤᠨ ᠪᠠᠲᠤᠲᠠᠢ ᠬᠤᠪᠢᠷᠠᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠶᠠᠮᠤᠨ ᠲᠠᠰᠤᠭ ᠪᠣᠯᠤᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠪᠦᠬᠦ ᠵᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠡᠯ᠎ᠡ ᠵᠦᠢᠯ ᠤᠨ ᠠᠵᠢᠯ ᠢᠶᠠᠨ ᠴᠢᠩᠭ᠎ᠠ ᠠᠳᠬᠤᠵᠤ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠶᠢ ᠵᠢᠯᠣᠭᠤᠳᠤᠨ ᠱᠠᠯᠠᠪᠳᠠᠭᠤᠯᠬᠤ ᠬᠡᠷᠡᠭᠲᠡᠢ᠃ ᠡᠩᠨᠡᠭᠡ ᠪᠠᠨ ᠳᠠᠭᠠᠭᠤᠯᠬᠤ ᠶᠢ ᠨᠡᠩ ᠴᠢᠬᠤᠯᠠᠴᠢᠯᠠᠵᠤ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠵᠡᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠺᠠᠳ᠋ᠷ ᠤᠨ ᠡᠩᠨᠡᠭᠡᠨ ᠤ ᠲᠤᠰᠬᠠᠶᠢᠵᠢᠭᠰᠠᠨ ᠲᠦᠪᠰᠢᠨ ᠢ ᠲᠤᠪᠤᠶᠢᠯᠭᠠᠨ ᠳᠡᠭᠡᠭᠰᠢᠯᠡᠭᠦᠯᠵᠦ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号