ᠮᠠᠨ ᠤ ᠬᠤᠲᠠ ᠰᠦᠯᠢᠶᠣᠣ ᠶᠢᠨ ᠪᠣᠬᠢᠷᠲᠤᠯ ᠢ ᠵᠠᠰᠠᠬᠤ ᠵᠠᠩᠭᠢᠯᠠᠭ᠎ᠠ ᠶᠢᠨ ᠦᠭᠡ᠄  ᠴᠠᠭᠠᠵᠢᠯᠠᠨ ᠬᠢᠵᠠᠭᠠᠷᠯᠠᠬᠤ ᠂ ᠣᠷᠣᠯᠠᠭᠤᠯᠬᠤ ᠂  ᠳᠦᠷᠢᠮᠵᠢᠬᠦᠯᠬᠦ
ᠨᠡᠶᠢᠲᠡᠯᠡᠭᠰᠡᠨ ᠴᠠᠭ᠄
2021/3/1
       2 ᠰᠠᠷ᠎ᠠ ᠶᠢᠨ 28 ᠤ ᠡᠳᠦᠷ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ ᠰᠦᠯᠢᠶᠣᠣ ᠶᠢᠨ ᠪᠣᠬᠢᠷᠲᠤᠯ ᠢ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ ᠰᠦᠯᠢᠶᠣᠣ ᠶᠢᠨ ᠪᠣᠬᠢᠷᠲᠤᠯ ᠢ ᠵᠠᠰᠠᠬᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠪᠠᠶᠢᠷᠢᠯᠠᠭᠤᠯᠵᠤ᠂ ᠠᠵᠢᠯ ᠤᠨ ᠬᠤᠪᠢᠶᠠᠷᠢᠯᠠᠯ ᠪᠣᠯᠤᠨ ᠠᠷᠭ᠎ᠠ  ᠬᠡᠮᠵᠢᠶ᠎ᠡ ᠪᠠᠨ ᠨᠠᠷᠢᠯᠢᠬᠵᠢᠭᠤᠯᠵᠤ᠂ ᠡᠯ᠎ᠡ ᠵᠦᠢᠯ ᠤᠨ ᠱᠠᠳᠤᠴᠢ ᠴᠢᠨᠠᠷᠲᠠᠢ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠭᠤᠣᠯᠳᠠᠯᠭ᠎ᠠ ᠲᠠᠢ ᠬᠦᠷᠢᠶᠡᠨ ᠤ ᠠᠵᠢᠯ ᠢ ᠴᠢᠩᠭ᠎ᠠ ᠠᠳᠬᠤᠵᠤ᠂ ᠰᠦᠯᠢᠶᠣᠣ ᠪᠦᠲᠦᠭᠡᠭᠳᠡᠬᠦᠨ ᠢ ᠦᠢᠯᠡᠳᠪᠦᠷᠢᠯᠡᠵᠦ ᠪᠣᠷᠣᠯᠠᠭᠤᠯᠬᠤ ᠶᠢ ᠴᠠᠭᠠᠵᠠᠯᠠᠬᠤ ᠲᠠᠯ᠎ᠠ ᠪᠠᠷ ᠬᠢ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠣᠷᠣᠯᠠᠬᠤ ᠪᠦᠲᠦᠭᠡᠭᠳᠡᠬᠦᠨ ᠤ ᠵᠣᠯᠭᠠᠯᠳᠤᠯ ᠢ ᠰᠠᠶᠢᠲᠤᠷ ᠬᠢᠬᠦ ᠬᠡᠷᠡᠭᠲᠡᠢ︔ ᠵᠢᠵᠢᠭᠯᠡᠨ ᠬᠤᠳᠠᠯᠳᠤᠬᠤ ᠢᠳᠡᠭᠡᠨ ᠤᠮᠳᠠᠭᠠᠨ ᠵᠡᠷᠭᠡ ᠬᠦᠷᠢᠶᠡᠨ ᠳᠠᠬᠢ ᠬᠡᠪᠰᠢᠭᠦᠯᠬᠦ ᠶᠢ ᠴᠠᠭᠠᠵᠠᠯᠠᠵᠤ ᠬᠡᠪᠰᠢᠭᠦᠯᠬᠦ ᠶᠢ ᠬᠢᠵᠠᠭᠠᠷᠯᠠᠬᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠪᠰᠢᠭᠦᠯᠬᠦ ᠶᠢ ᠴᠠᠭᠠᠵᠠᠯᠠᠵᠤ ᠬᠡᠪᠰᠢᠭᠦᠯᠬᠦ ᠶᠢ ᠬᠢᠵᠠᠭᠠᠷᠯᠠᠬᠤ ᠪᠣᠳᠠᠲᠠᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ︔ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠵᠠᠰᠠᠬᠤ ᠶᠢ ᠠᠬᠢᠭᠤᠯᠵᠤ᠂ ᠵᠢᠷᠤᠮᠵᠢᠭᠤᠯᠤᠨ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠰᠢᠰᠲ᠋ᠧᠮ ᠢ ᠪᠦᠷᠢᠨᠰᠢᠬᠦᠯᠬᠦ ᠬᠡᠷᠡᠭᠲᠡᠢ︔ ᠰᠦᠯᠢᠶᠣᠣ ᠬᠤᠭ ᠨᠣᠪᠰᠢ ᠶᠢ ᠲᠤᠰᠬᠠᠶᠢᠯᠠᠨ ᠴᠡᠪᠡᠷᠯᠡᠬᠦ ᠶᠢ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ᠰᠦᠯᠢᠶᠣᠣ ᠬᠠᠶᠠᠭᠳᠠᠮᠠᠯ ᠪᠣᠳᠠᠰ ᠢ ᠲᠥᠷᠥᠯ ᠬᠤᠪᠢᠶᠠᠨ ᠴᠤᠭᠯᠠᠭᠤᠯᠬᠤ ᠪᠠ ᠰᠢᠢᠳᠪᠣᠷᠢᠯᠡᠬᠦ ᠡᠷᠴᠢᠮ ᠢ ᠴᠢᠩᠭᠠᠷᠠᠭᠤᠯᠬᠤ ᠬᠡᠷᠡᠭᠲᠡᠶ᠃     ᠬᠤᠷᠠᠯ ᠠᠴᠠ᠂ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠦᠯᠢᠶᠣᠣ ᠶᠢᠨ ᠪᠣᠬᠢᠷᠲᠤᠯ ᠢ ᠵᠠᠰᠠᠬᠤ ᠬᠠᠮᠢᠶ᠎ᠠ ᠪᠦᠬᠦᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠨᠡᠶᠢᠲᠡ ᠶᠢᠨ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠣᠷᠣᠯᠴᠠᠬᠤ ᠪᠦᠷᠬᠦᠴᠡ ᠶᠢ ᠥᠷᠭᠡᠳᠬᠡᠬᠦ ᠬᠡᠷᠡᠭᠲᠡᠢ︔ ᠣᠯᠠᠨ ᠨᠡᠶᠢᠲᠡ ᠶᠢᠨ ᠪᠠᠶᠢᠭᠤᠯᠤᠮᠵᠢ ᠶᠢᠨ ᠳᠠᠭᠠᠭᠤᠯᠬᠤ  ᠦᠢᠯᠡᠳᠦᠯ ᠢ ᠪᠠᠳᠠᠷᠠᠭᠤᠯᠵᠤ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠣᠯᠠᠨ ᠨᠡᠶᠢᠲᠡ ᠶᠢᠨ ᠪᠠᠶᠢᠭᠤᠯᠤᠮᠵᠢ ᠵᠢᠴᠢ ᠵᠣᠴᠢᠳ ᠤᠨ ᠪᠠᠭᠤᠳᠠᠯ᠂ ᠬᠤᠭᠤᠯᠠᠨ ᠬᠡᠷ᠂ ᠪᠣᠯᠪᠠᠰᠤᠷᠠᠭᠤᠯᠤᠯ ᠤᠨ ᠲᠥᠪ ᠵᠡᠷᠭᠡ ᠨᠢᠭᠡᠴᠡ ᠶᠢ ᠬᠥᠲᠥᠯᠦᠨ ᠵᠢᠯᠣᠭᠤᠳᠴᠤ᠂ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠵᠠᠳᠠᠷᠠᠭᠤᠯᠵᠤ ᠥᠯᠥ ᠪᠣᠯᠬᠤ ᠰᠦᠯᠢᠶᠣᠣ ᠪᠦᠲᠦᠭᠡᠭᠳᠡᠬᠦᠨ ᠬᠠᠩᠭᠠᠬᠤ ᠶᠢ ᠠᠯᠬᠤᠮ ᠠᠯᠬᠤᠮ ᠢᠶᠠᠷ ᠵᠣᠭᠰᠣᠭᠠᠬᠤ ᠬᠡᠷᠡᠭᠲᠡᠶ︔ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠲᠤᠰᠬᠠᠶ ᠵᠦᠢᠯ ᠤᠨ ᠪᠠᠶᠢᠴᠠᠭᠠᠯᠲᠠ ᠶᠢ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠵᠦ᠂ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠬᠠᠮᠲᠤᠷᠠᠭᠰᠠᠨ ᠲᠤᠰᠬᠠᠶ  ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠬᠠᠮᠢᠶ᠎ᠠ ᠪᠥᠬᠦᠶ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠰᠦᠯᠢᠶᠣᠣ ᠶᠢᠨ ᠪᠣᠬᠢᠷᠲᠤᠯ ᠢ ᠵᠠᠰᠠᠬᠤ ᠡᠯ᠎ᠡ  ᠵᠦᠢᠯ ᠤᠨ ᠣᠨ ᠤ ᠬᠠᠷᠠᠯᠲᠠᠲᠤ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠬᠦ ᠬᠡᠷᠡᠭᠲᠡᠶ᠃    ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠳᠣᠪᠴᠢᠶ᠎ᠠ᠂ ᠬᠠᠤᠯᠢ ᠬᠡᠷᠡᠭᠵᠢᠭᠦᠯᠬᠦ  ᠳᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号