ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠬᠤᠷᠠᠯᠳᠤᠵᠤ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ  ᠲᠠᠢ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/3/1
     2 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠯᠢᠦ ᠴᠠᠩ ᠴᠦᠨ᠂ ᠵᠣᠣ ᠵᠢᠶᠠ ᠶᠤᠸᠠᠨ᠂  ᠴᠣᠭᠵᠢᠯ᠂ ᠭᠦᠸᠧ ᠫᠢᠩ ᠸᠠᠩ᠂ ᠵᠠᠩ ᠶᠢᠩ ᠵᠢᠶᠧ᠂ ᠱᠣᠤ ᠱᠢ ᠴᠢᠶᠠᠩ ᠬᠤᠷᠠᠯ ᠳᠤ ᠣᠷᠣᠯᠴᠠᠵᠠᠶ᠃
    ᠯᠦ ᠪᠦᠦ ᠳ᠋ᠦᠩ ᠵᠢᠭᠠᠵᠤ ᠭᠠᠷᠭᠠᠬᠤ ᠳᠠᠭᠠᠨ᠄ ᠲᠥᠪ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠪᠠ ᠣᠯᠠᠨ ᠲᠦᠮᠡᠨ ᠤ ᠠᠵᠠ ᠵᠢᠷᠭᠠᠯ ᠳᠤ ᠬᠤᠯᠪᠣᠭᠳᠠᠬᠤ ᠤᠴᠢᠷ ᠠᠴᠠ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠦᠷᠢᠮ ᠲᠣᠭᠲᠠᠭᠠᠯ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠴᠡᠭᠴᠡᠯᠡᠨ ᠥᠭᠡᠷᠡᠴᠢᠯᠡᠬᠦ ᠠᠭᠤᠯᠭ᠎ᠠ ᠪᠠᠨ ᠲᠦᠷᠭᠡᠬᠡᠨ ᠲᠣᠭᠲᠠᠭᠠᠵᠤ᠂ ᠬᠠᠷᠠᠯᠲᠠ ᠪᠠᠨ ᠲᠣᠳᠣᠷᠬᠠᠶᠢᠯᠠᠨ᠂ ᠪᠠᠷᠢᠮᠵᠢᠶ᠎ᠠ ᠲᠠᠢ ᠬᠠᠷᠢᠴᠠᠭᠤᠯᠤᠨ ᠥᠭᠡᠷᠡᠴᠢᠯᠡᠵᠦ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠣᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠮᠠᠨ ᠤ ᠬᠤᠲᠠ ᠳᠤ ᠪᠣᠳᠠᠲᠠᠶ ᠪᠠᠷ ᠲᠤᠤᠱᠯᠠᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃
   ᠯᠦ ᠪᠦᠦ ᠳ᠋ᠦᠩ ᠴᠢᠬᠤᠯᠠᠴᠢᠯᠠᠭᠰᠠᠨ ᠨᠢ᠂ ᠠᠵᠢᠯ ᠤᠨ ᠭᠤᠣᠯᠳᠠᠯᠭ᠎ᠠ ᠪᠠᠨ ᠡᠵᠡᠮᠳᠡᠵᠦ᠂ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠪᠠ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠰᠠᠭᠤᠳᠠᠯ ᠤᠨ ᠨᠠᠷᠢᠨ ᠬᠠᠭᠤᠳᠠᠰᠤ᠂ ᠡᠭᠦᠷᠭᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠣᠶ ᠪᠣᠯᠭᠠᠵᠤ᠂ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠵᠣᠯᠭᠠᠭᠤᠯᠤᠨ ᠨᠡᠪᠲᠡᠷᠡᠯᠴᠡᠬᠦ ᠶᠢ ᠴᠢᠩᠭᠠᠳᠬᠠᠨ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ  ᠰᠢᠢᠳᠪᠣᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠠᠭ ᠲᠤᠬᠠᠶ ᠳᠤᠨᠢ ᠣᠶᠢᠯᠠᠭᠠᠵᠤ᠂ ᠮᠠᠨ ᠤ ᠬᠤᠲᠠ ᠶᠢᠨ ᠵᠣᠯᠭᠠᠭᠤᠯᠤᠨ ᠨᠠᠶᠢᠳᠠᠪᠤᠷᠢᠵᠢᠭᠤᠯᠬᠤ ᠨᠠᠷᠢᠨ ᠲᠥᠰᠦᠯ ᠢ ᠲᠣᠭᠲᠠᠭᠠᠬᠤ ᠳᠤ ᠲᠥᠬᠦᠮ ᠦᠵᠡᠭᠦᠯᠦᠨ᠎ᠡ︔ ᠪᠣᠭᠤᠮᠲᠠ ᠶᠢᠨ ᠬᠥᠭᠵᠢᠯᠲᠡ ᠶᠢᠨ ᠪᠠᠶᠢᠳᠠᠯ ᠢ ᠣᠨᠣᠪᠴᠢᠲᠠᠢ ᠡᠵᠡᠮᠳᠡᠵᠦ᠂ ᠭᠤᠣᠯᠳᠠᠯᠭ᠎ᠠ ᠲᠠᠢ ᠬᠦᠷᠢᠶ᠎ᠠ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠮᠠᠨ ᠤ ᠬᠤᠳᠠ ᠶᠢᠨ ᠡᠨᠡ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠪᠣᠯᠤᠨ ᠭᠤᠣᠯᠳᠠᠯᠭ᠎ᠠ ᠲᠠᠢ ᠠᠵᠢᠯ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ ᠬᠡᠷᠡᠭᠲᠡᠢ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠨᠠᠭᠰᠢᠳᠠ ᠰᠠᠶᠢᠲᠤᠷ ᠬᠢᠵᠦ᠂ ᠬᠢᠨᠠᠨ ᠬᠡᠮᠵᠢᠬᠦ ᠶᠢᠨ ᠰᠡᠷᠭᠡᠭ ᠴᠢᠨᠠᠷ ᠪᠣᠯᠤᠨ ᠵᠠᠳᠠᠯᠤᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠴᠢᠩᠭ᠎ᠠ ᠪᠣᠳᠠᠲᠠᠢ ᠠᠳᠬᠤᠵᠤ ᠂ ᠡᠬᠡ ᠤᠯᠤᠰ ᠤᠨ ᠤᠮᠠᠷᠠᠲᠤ ᠶᠡᠭᠡ ᠬᠠᠭᠠᠯᠭ᠎ᠠ ᠶᠢ ᠰᠠᠶᠢᠲᠤᠷ ᠰᠠᠬᠢᠬᠤ ᠬᠡᠷᠡᠭᠲᠡᠢ᠃     ᠬᠤᠷᠠᠯ ᠠᠴᠠ ᠪᠠᠰᠠ ᠪᠤᠰᠤᠳ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠃    
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号