ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠪᠠᠶᠢᠷᠢᠯᠠᠭᠤᠯᠵᠤ ᠳᠠᠬᠢᠨ ᠨᠠᠶᠢᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2021/3/10
      ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠪᠣᠳᠠᠲᠠᠶ ᠪᠥᠭᠡᠳ‌ᠨᠠᠷᠢᠯᠢᠭ ᠨᠠᠶᠢᠳᠠᠪᠤᠷᠢᠵᠢᠭᠤᠯᠬᠤ ᠶᠢᠨ  ᠳᠣᠯᠠᠳᠠ᠂ 3 ᠰᠠᠷ᠎ᠠ ᠶᠢᠨ 9 ᠤ ᠡᠳᠦᠷ᠂ ᠬᠤᠲᠠ ᠶᠢᠨ ᠳᠡᠳ᠋  ᠳᠠᠷᠤᠭ᠎ᠠ  ᠴᠣᠭᠵᠢᠯ ᠨᠠᠷ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠪᠠᠶᠢᠴᠠᠭᠠᠵᠤ᠂ ᠳᠠᠬᠢᠨ ᠪᠠᠶᠢᠷᠢᠯᠠᠭᠤᠯᠵᠤ᠂ ᠳᠠᠬᠢᠨ ᠨᠠᠶᠢᠳᠠᠪᠤᠷᠢᠵᠢᠭᠤᠯᠪᠠ ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠡᠷᠢᠶᠡᠨ ᠪᠣᠭᠤᠮᠲᠠ᠂ ᠲᠡᠮᠦᠷ ᠵᠠᠮ ᠤᠨ ᠲᠡᠷᠭᠡᠨ ᠥᠷᠲᠡᠭᠡ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠪᠠ᠃
      ᠬᠤᠸᠠᠨ ᠢᠦᠢ ᠪᠠᠷᠠᠭᠠᠨ ᠤ ᠭᠦᠢᠯᠭᠡᠭᠡᠨ ᠤ ᠲᠣᠭᠤᠷᠢᠭ ᠲᠤ ᠠᠵᠢᠯ ᠵᠢᠯᠣᠭᠤᠳᠤᠨ᠎ᠠ     ᠴᠣᠭᠵᠢᠯ ᠨᠠᠷ ᠾᠦᠢ ᠲᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠷᠭᠡ ᠶᠢᠨ ᠲᠡᠷᠭᠡ ᠰᠣᠯᠢᠬᠤ ᠭᠠᠵᠠᠷ᠂ ᠬᠤᠸᠠᠨ ᠢᠦᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠡᠷᠢᠶᠡᠨ ᠬᠥᠬᠡᠬᠤᠲᠠ ᠶᠢᠨ ᠲᠡᠮᠦᠷ ᠵᠠᠮ ᠤᠨ ᠭᠠᠳᠠᠷ ᠠᠵᠤ ᠠᠬᠤᠢ ᠶᠢᠨ ᠤᠯᠠᠨ ᠤᠯᠤᠰ ᠤᠨ ᠲᠡᠭᠡᠭᠡᠪᠦᠷᠢ ᠶᠢᠨ ᠣᠷᠣᠯᠠᠭᠴᠢ ᠬᠢᠵᠠᠭᠠᠷᠲᠤ ᠺᠣᠮᠫᠠᠨᠢ ᠶᠢᠨ ᠠᠴᠢᠶᠠᠯᠠᠵᠤ ᠪᠠᠭᠤᠯᠭᠠᠬᠤ ᠭᠠᠵᠠᠷ ᠵᠡᠷᠭᠡ ᠭᠠᠵᠠᠷ ᠲᠤ ᠳᠠᠬᠢᠨᠲᠠ ᠬᠦᠷᠴᠡᠢ᠃ ᠠᠵᠤ ᠠᠬᠤᠶᠢᠯᠠᠯ ᠤᠨ ᠴᠢᠩᠭᠡᠯᠢᠭ ᠤᠨ ᠬᠦᠯᠳᠡᠬᠦ ᠪᠦᠳᠦᠭᠡᠭᠳᠡᠬᠦᠨ ᠪᠠᠷᠠᠭ᠎ᠠ᠂ ᠲᠡᠷᠭᠡ ᠬᠥᠰᠬᠡ᠂  ᠠᠷᠢᠭᠤᠳᠬᠠᠵᠦ ᠰᠡᠷᠭᠡᠶᠢᠯᠡᠬᠦ ᠠᠵᠢᠯ ᠤᠨ ᠲᠥᠰᠦᠯ ᠵᠢᠴᠢ ᠬᠥᠮᠦᠰ ᠤᠨ ᠠᠵᠢᠯ ᠤᠨ ᠪᠠᠶᠢᠷᠢ ᠡᠭᠡᠯᠵᠢᠯᠡᠬᠦ᠂ ᠵᠢᠵᠢᠭᠦᠷᠯᠡᠬᠦ ᠶᠢ ᠬᠡᠷᠡᠭᠵᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯ᠎ᠡ ᠬᠦᠷᠢᠶᠡᠯᠡᠩ ᠲᠣᠭᠤᠷᠢᠭ᠂ ᠥᠷᠲᠡᠭᠡ ᠶᠢᠨ ᠬᠠᠷᠢᠭᠤᠴᠠᠯᠭᠠᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ᠂ ᠠᠵᠢᠯᠲᠠᠨ ᠤ ᠲᠣᠬᠢᠷᠠᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠵᠡᠷᠭᠡ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠬᠤ ᠶᠢᠨ ᠬᠠᠮᠲᠤ᠂ ᠳᠡᠭᠡᠷ᠎ᠡ ᠳᠤᠷᠠᠳᠤᠭᠰᠠᠨ ᠵᠠᠩᠭᠢᠯᠠᠭ᠎ᠠ ᠶᠢᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠵᠢᠯᠣᠭᠤᠳᠬᠤ ᠰᠠᠨᠠᠯ ᠢᠶᠠᠨ  ᠳᠣᠷᠠᠳᠪᠠ᠃
    ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠷᠭᠡ ᠶᠢᠨ ᠲᠡᠷᠭᠡ ᠰᠣᠯᠢᠬᠤ ᠭᠠᠵᠠᠷ ᠲᠤ ᠠᠵᠢᠯ ᠢ ᠪᠠᠶᠢᠴᠠᠭᠠᠨ ᠵᠢᠯᠣᠭᠤᠳᠤᠨ᠎ᠠ
   ᠪᠠᠶᠢᠴᠠᠭᠠᠬᠤ ᠳᠤᠭᠤᠶᠢᠯᠠᠩ ᠬᠥᠬᠡᠬᠤᠲᠠ ᠶᠢᠨ ᠲᠡᠮᠦᠷ ᠵᠠᠮ ᠤᠨ ᠭᠠᠳᠠᠨᠠᠬᠢ ᠪᠠᠷᠠᠭᠠᠨ ᠤ ᠲᠡᠭᠡᠭᠡᠪᠦᠷᠢ ᠶᠢᠨ ᠣᠷᠣᠯᠠᠨ  ᠬᠦᠢᠴᠡᠳᠬᠡᠬᠦ ᠭᠠᠵᠠᠷ ᠢᠶᠠᠷ ᠳᠡᠮᠵᠢᠨ ᠠᠵᠢᠯ ᠢᠶᠠᠨ ᠪᠠᠶᠢᠴᠠᠭᠠᠨ᠎ᠠ      ᠴᠣᠭᠵᠢᠯ᠂ ᠣᠳᠣᠬᠠᠨ ᠳᠤ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠮᠥᠨ ᠬᠦ ᠳᠡᠯᠭᠡᠷᠡᠵᠦ᠂ ᠮᠣᠩᠭᠤᠯ ᠤᠯᠤᠰ ᠤᠨ ᠬᠢᠵᠢᠭ ᠤᠨ ᠪᠠᠶᠢᠳᠠᠯ ᠬᠡᠰᠡᠭ ᠪᠤᠰᠠᠭ ᠢᠶᠠᠷ ᠳᠡᠯᠭᠡᠷᠡᠵᠦ᠂ ᠬᠢᠯᠢ ᠶᠢᠨ ᠪᠣᠭᠤᠮᠲᠠ ᠶᠢᠨ ᠬᠢᠵᠢᠭ ᠢ ᠰᠡᠷᠭᠡᠶᠢᠯᠡᠬᠦ ᠳᠠᠷᠤᠯᠲᠠ ᠨᠡᠯᠢᠶᠡᠳ ᠶᠡᠭᠡ ᠪᠠᠶᠢᠨ᠎ᠠ᠃ ᠪᠣᠭᠤᠮᠲᠠ ᠶᠢᠨ ᠡᠯ᠎ᠡ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠠᠪᠤᠳᠠᠯ ᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠣᠯᠭᠠᠵᠤ᠂ ᠮᠢᠨᠴᠦᠭᠦᠷᠡᠬᠦ ᠦᠵᠡᠯ ᠰᠠᠨᠠᠭ᠎ᠠ᠂ ᠳᠠᠶᠢᠨ ᠠᠴᠠ ᠬᠠᠯᠠᠰᠢᠷᠠᠬᠤ ᠰᠡᠳᠬᠢᠯᠭᠡ᠂ ᠠᠵᠠ ᠵᠠᠪᠰᠢᠶᠠᠨ ᠢᠶᠠᠷ ᠭᠤᠷᠢᠳᠠᠬᠤ ᠰᠡᠳᠬᠢᠯᠭᠡ ᠶᠢ ᠡᠷᠡᠰ ᠲᠡᠪᠴᠢᠵᠦ᠂ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠬᠠᠷᠢᠶ᠎ᠠ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠦᠨ ᠤ ᠳᠥᠷᠪᠡᠨ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠬᠦᠳᠡᠯᠭᠦ ᠪᠦᠳᠦᠭᠡᠭᠳᠡᠬᠦᠨ ᠪᠠ ᠲᠡᠭᠡᠭᠡᠪᠦᠷᠢ ᠶᠢᠨ ᠪᠠᠭᠠᠵᠢ ᠬᠡᠷᠡᠭᠰᠡᠯ᠂ ᠴᠢᠩᠭᠡᠯᠢᠭ ᠢ ᠠᠷᠢᠭᠤᠳᠬᠠᠬᠤ ᠬᠢᠵᠢᠭ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠬᠥᠮᠦᠨ᠂ ᠪᠣᠳᠠᠰ ᠢ ᠬᠠᠮᠲᠤ ᠳᠤᠨᠢ ᠰᠡᠷᠭᠡᠶᠢᠯᠡᠵᠦ᠂ ᠪᠢᠲᠡᠭᠦᠦ ᠴᠠᠭᠠᠷᠢᠭᠲᠤ ᠬᠠᠮᠢᠶᠠᠷᠤᠯᠲᠠ ᠶᠢᠨ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠪᠣᠭᠤᠮᠲᠠ ᠶᠢᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠠᠵᠢᠯ ᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤᠳᠬᠠᠬᠤ ᠬᠡᠷᠡᠭᠲᠡᠶ᠃ ᠡᠯ᠎ᠡ ᠵᠦᠢᠯ ᠤᠨ ᠠᠵᠢᠯ ᠢ ᠡᠷᠲᠡ ᠠᠴᠠ ᠠᠳᠬᠤᠵᠤ᠂ ᠨᠠᠷᠢᠨ ᠠᠳᠬᠤᠵᠤ᠂ ᠴᠢᠩᠭ᠎ᠠ ᠠᠳᠬᠤᠨ ᠪᠣᠳᠠᠲᠠᠢ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠡᠬᠢᠯᠡᠩᠭᠦᠳᠡ ᠪᠠᠨ ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢᠨ ︽ᠬᠤᠣᠰ ᠢᠯᠠᠯᠲᠠ︾ ᠶᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号