【 ᠪᠥᠬᠦ ᠤᠯᠤᠰ ᠤᠨ ᠬᠤᠶᠠᠷ ᠬᠤᠷᠠᠯ ᠢ ᠪᠠᠶᠠᠷᠯᠠᠨ ᠤᠭᠲᠤᠨ᠎ᠠ 】 ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/3/10
     ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠮᠠᠨ ᠤ ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠲᠥᠷᠥᠯ ᠤᠨ ᠠᠶᠤᠯᠭᠦᠶ  ᠦᠢᠯᠡᠳᠪᠣᠷᠢᠯᠡᠯ ᠤᠨ ᠠᠵᠢᠯ ᠢ ᠰᠠᠶᠢᠲᠤᠷ ᠬᠢᠬᠦ ᠶᠢᠨ ᠳᠣᠯᠠᠳᠠ᠂ ᠣᠶᠢᠷ᠎ᠠ ᠳᠤ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠰᠣᠶᠣᠯ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︽ᠬᠤᠶᠠᠷ ᠬᠤᠷᠠᠯ ︾ ᠤᠨ ᠬᠤᠭᠤᠴᠠᠭᠠᠨ ᠳᠠᠬᠢ ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠪᠡ᠃
     ᠺᠢᠨᠣ᠋ ᠶᠢᠨ ᠣᠷᠳᠣᠨ ᠳᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠬᠢᠨ᠎ᠡ      ᠪᠠᠶᠢᠴᠠᠭᠠᠬᠤ ᠳᠤᠭᠤᠶᠢᠯᠠᠩ ᠤᠨ ᠬᠢᠨ ᠪᠥᠬᠦ ᠬᠤᠲᠠ ᠶᠢᠨ ᠰᠦᠯᠵᠢᠶᠡᠨ ᠤ ᠪᠠᠭᠠᠷ᠂ KTV᠂ ᠨᠠᠭᠠᠳᠤᠮ ᠲᠣᠭᠯᠠᠭᠠᠮ ᠤᠨ ᠲᠢᠩᠬᠢᠮ᠂ ᠺᠢᠨᠣ᠋ ᠶᠢᠨ ᠣᠷᠳᠣᠨ ᠵᠡᠷᠭᠡ ᠬᠥᠮᠦᠨ ᠣᠯᠠᠨ ᠴᠤᠭᠯᠠᠷᠠᠳᠠᠭ ᠲᠠᠯᠠᠪᠤᠷ ᠤᠨ ᠠᠶᠤᠯᠭᠦᠶ ᠦᠢᠯᠡᠳᠪᠣᠷᠢᠯᠡᠯ ᠡᠵᠡᠩᠨᠡᠯᠲᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠢᠴᠢ ᠵᠢᠷᠤᠮᠵᠢᠭᠤᠯᠤᠨ ᠡᠵᠡᠩᠨᠡᠭᠰᠡᠨ ᠵᠡᠷᠭᠡ ᠪᠠᠶᠢᠳᠠᠯ ᠳᠤ ᠲᠤᠰᠬᠠᠶ ᠪᠠᠶᠢᠴᠠᠭᠠᠯᠲᠠ ᠬᠢᠪᠠ᠃ ᠡᠭᠦᠨ ᠤ ᠬᠠᠮᠲᠤ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠶᠢᠨ ᠬᠠᠮᠲᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠠᠷᠢᠯᠭᠠᠵᠤ᠂ ︽ᠬᠤᠶᠠᠷ ᠬᠤᠷᠠᠯ︾ ᠤᠨ ᠬᠤᠭᠤᠴᠠᠭᠠᠨ ᠳᠤ ᠮᠠᠨ ᠤ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠲᠥᠷᠥᠯ ᠤᠨ ᠠᠮᠤᠷ ᠲᠦᠪᠰᠢᠨ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠠᠬᠢᠭᠰᠠᠨ ᠪᠠᠶᠢᠨ᠎ᠠ᠃
     ᠨᠠᠭᠠᠳᠤᠮ ᠤᠨ ᠲᠢᠩᠬᠢᠮ ᠳᠤ ᠠᠶᠤᠯᠭᠦᠶ ᠦᠢᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠬᠢᠨ᠎ᠠ      ᠣᠶᠢᠯᠠᠭᠠᠭᠰᠠᠨ ᠢᠶᠠᠷ᠂ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠬᠢᠨᠠᠯᠲᠠ ᠬᠠᠮᠢᠶᠠᠷᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠨᠢᠭᠤᠴᠠ ᠶᠢ ᠢᠯᠭᠠᠷᠠᠭᠤᠯᠤᠨ ᠪᠠᠶᠢᠴᠠᠭᠠᠬᠤ ᠤᠳᠠᠭ᠎ᠠ ᠳᠠᠷᠠᠭ᠎ᠠ ᠶᠢ ᠲᠠᠰᠤᠷᠠᠯᠲᠠ ᠥᠬᠡᠶ ᠴᠢᠩᠭᠠᠳᠬᠠᠨ᠂ ᠴᠠᠭ ᠢ ᠵᠥᠷᠢᠴᠡᠭᠦᠯᠦᠨ ᠪᠠᠶᠢᠴᠠᠭᠠᠬᠤ᠂ ᠰᠥᠨᠢ ᠪᠠᠷ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠶ᠋ᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠣᠶᠣᠯ ᠤᠨ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠰᠦᠯᠵᠢᠶᠡᠨ ᠤ ᠪᠠᠭᠠᠷ᠂ KTV᠂ ᠨᠠᠭᠠᠳᠤᠮ ᠲᠣᠭᠯᠠᠭᠠᠮ ᠤᠨ ᠲᠢᠩᠬᠢᠮ᠂ ᠺᠢᠨᠣ᠋ ᠶᠢᠨ ᠣᠷᠳᠣᠨ ᠵᠡᠷᠭᠡ ᠣᠯᠠᠨ ᠨᠡᠶᠢᠲᠡ ᠶᠢᠨ ᠰᠣᠶᠣᠯ ᠤᠨ ᠦᠶ᠋ᠯᠡᠴᠢᠯᠡᠭᠡᠨ ᠤ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠳᠤᠯᠠᠭᠠᠨ ᠢ ᠬᠡᠮᠵᠢᠬᠦ᠂ ᠠᠷᠢᠭᠤᠳᠬᠠᠬᠤ᠂ ᠳᠠᠩᠰᠠᠯᠠᠬᠤ ᠵᠡᠷᠭᠡ ᠪᠠᠶᠢᠩᠭᠤᠵᠢᠭᠤᠯᠬᠤ ᠠᠵᠢᠯ ᠢ ᠨᠠᠶᠢᠳᠠᠪᠤᠷᠢᠵᠢᠭᠤᠯᠬᠤ ᠠᠴᠠ ᠭᠠᠳᠠᠨ᠎ᠠ᠂ ᠡᠯ᠎ᠡ ᠲᠠᠯᠠᠪᠤᠷ ᠭᠠᠵᠠᠷ ᠤᠨ ᠬᠥᠮᠦᠨ ᠤ ᠲᠤᠭ᠎ᠠ ᠶᠢ ᠳᠠᠭᠠᠭᠠᠴᠠ ᠶᠢᠨ ᠬᠡᠮᠵᠢᠶ᠎ᠡ ᠶᠢᠨ 75% ᠠᠴᠠ ᠬᠡᠲᠦᠷᠡᠭᠦᠯᠬᠦ ᠥᠬᠡᠶ ᠪᠠᠶᠢᠬᠤ ᠶᠢ ᠴᠢᠩᠭ᠎ᠠ ᠬᠢᠵᠠᠭᠠᠷᠯᠠᠨ᠎ᠠ᠃ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠢ ᠰᠢᠮᠳᠠᠭᠤᠯᠤᠨ ᠵᠢᠯᠣᠭᠤᠳᠴᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠪᠠᠶᠢᠴᠠᠭᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠭᠡᠨᠡᠳᠲᠡ ᠶᠢᠨ ᠪᠠᠶᠢᠳᠠᠯ ᠢ ᠠᠷᠭᠠᠴᠠᠬᠤ ᠠᠵᠢᠯ ᠢ ᠰᠠᠶᠢᠲᠤᠷ ᠬᠢᠵᠦ᠂ ᠬᠡᠷᠡᠭᠯᠡᠭᠴᠢᠳ ᠲᠤ ᠡᠷᠡᠭᠦᠯ ᠮᠡᠨᠳᠦ᠂ ᠠᠮᠤᠷ ᠲᠦᠪᠰᠢᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号