ᠬᠠᠪᠣᠷ ᠴᠠᠭ ᠢᠷᠡᠵᠦ᠂ ᠴᠢᠬᠢ ᠪᠣᠵᠢᠭᠤᠯᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2021/3/12
     2021 ᠣᠨ ᠤ ᠮᠠᠨ ᠤ ᠬᠤᠲᠠ ᠶᠢᠨ ᠬᠤᠲᠠ ᠶᠢᠨ ᠦᠵᠡᠮᠵᠢ ᠶᠢᠨ ᠴᠡᠴᠡᠭ ᠡᠪᠡᠰᠦᠨ ᠤ ᠬᠡᠷᠡᠭᠴᠡᠭᠡ ᠶᠢ ᠬᠠᠩᠭᠠᠵᠤ᠂ ᠨᠣᠭᠤᠭᠠᠷᠠᠭᠤᠯᠤᠯᠲᠠ ᠶᠢᠨ ᠥᠪᠡᠷ ᠤᠨ ᠥᠷᠲᠡᠭ ᠢ ᠠᠷᠪᠢᠯᠠᠵᠤ᠂ ᠴᠡᠴᠡᠭ ᠡᠪᠡᠰᠦ ᠶᠢ ᠬᠦᠢᠴᠡᠳ ᠬᠠᠩᠭᠠᠬᠤ ᠶᠢ ᠪᠠᠲᠤᠯᠠᠬᠤ ᠶᠢᠨ ᠳᠣᠯᠠᠳᠠ᠂ 3 ᠰᠠᠷ᠎ᠠ ᠶᠢᠨ 9 ᠤ ᠡᠳᠦᠷ᠂ ᠬᠤᠲᠠ ᠶᠢᠨ ᠴᠡᠴᠡᠷᠯᠢᠭᠵᠢᠬᠦᠯᠦᠯᠳᠠ ᠨᠣᠭᠤᠭᠠᠷᠠᠭᠤᠯᠣᠯᠳᠠ ᠶᠢᠨ ᠲᠣᠪᠴᠢᠶ᠎ᠠ ᠶᠢᠨ ᠵᠤᠯᠵᠠᠭ᠎ᠠ ᠮᠣᠳᠣᠨ ᠤ ᠬᠦᠷᠢᠶᠡᠯᠡᠩ ᠤᠨ ᠰᠠᠭᠤᠷᠢᠨ ᠭᠠᠵᠠᠷ ᠤᠨ ᠬᠢᠨ ᠴᠡᠴᠡᠭ ᠡᠪᠡᠰᠦ ᠶᠢ ᠬᠠᠪᠤᠷ ᠤᠨ ᠤᠯᠠᠷᠢᠯ ᠤᠨ ᠦᠢᠯᠡᠳᠪᠣᠷᠢᠯᠡᠯ ᠤᠨ ᠱᠠᠭᠠᠷᠳᠠᠯᠭ᠎ᠠ ᠶᠣᠰᠣᠭᠠᠷ᠂ ᠴᠢᠬᠢ ᠪᠤᠶᠢᠵᠢᠭᠤᠯᠬᠤ ᠪᠡᠯᠡᠳᠬᠡᠯ ᠠᠵᠢᠯ ᠢ ᠶᠠᠭᠠᠷᠠᠯᠲᠠᠶ ᠬᠢᠵᠦ ᠡᠬᠢᠯᠡᠪᠡ᠃      ᠴᠡᠴᠡᠷᠯᠢᠭ ᠤᠨ ᠮᠡᠷᠭᠡᠵᠢᠯ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠮᠠᠨ ᠤ ᠬᠤᠲᠠ ᠪᠣᠯ ᠳᠤᠮᠳᠠ ᠰᠡᠷᠢᠭᠦᠨ ᠪᠦᠰᠡ ᠶᠢᠨ ᠡᠬᠡ ᠭᠠᠵᠠᠷ ᠤᠨ ᠴᠢᠨᠠᠷᠲᠠᠶ ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠵᠤ᠂ ᠴᠡᠴᠡᠭ ᠡᠪᠡᠰᠦ ᠳᠠᠷᠢᠵᠤ ᠪᠤᠶᠢᠵᠢᠭᠤᠯᠬᠤ ᠳᠤ ᠲᠦᠢᠯ ᠤᠨ ᠬᠢᠯᠪᠠᠷ ᠪᠤᠰᠤ ᠪᠠᠶᠢᠳᠠᠭ᠂ ᠨᠢᠯᠬ᠎ᠠ ᠴᠢᠬᠢ ᠶᠢ ᠤᠷᠢᠳ ᠢᠶᠠᠷ ᠤᠶᠤᠨᠲᠤ ᠬᠦᠯᠡᠮᠵᠢ ᠳᠤ ᠲᠤᠷᠰᠢᠨ ᠪᠤᠶᠢᠵᠢᠭᠤᠯᠬᠤ ᠬᠤᠭᠤᠴᠠᠭ᠎ᠠ ᠶᠢ ᠥᠩᠭᠡᠷᠡᠭᠡᠬᠦ ᠬᠡᠷᠡᠭᠲᠡᠶ᠂ ᠨᠢᠯᠬ᠎ᠠ ᠴᠢᠬᠢ ᠶᠢ ᠤᠶᠤᠨᠲᠤ ᠬᠦᠯᠡᠮᠵᠢ ᠶᠢᠨ ᠳᠠᠭᠤᠷᠢᠶᠠᠮᠠᠯ ᠶᠡᠭᠡ ᠪᠠᠶᠢᠭᠠᠯᠢ ᠳᠤ ᠠᠭᠠᠵᠢᠮ ᠢᠶᠠᠷ ᠵᠣᠬᠢᠴᠠᠭᠰᠠᠨ ᠤ ᠳᠠᠷᠠᠭ᠎ᠠ ᠰᠠᠶ᠋ᠢ ᠲᠥᠬᠦᠮ ᠬᠦᠯᠡᠮᠵᠢ ᠳᠤ ᠬᠠᠳᠬᠤᠨ ᠣᠷᠣᠭᠤᠯᠵᠤ ᠴᠢᠬᠢ ᠪᠤᠶᠢᠵᠢᠭᠤᠯᠵᠤ ᠪᠣᠯᠤᠨ᠎ᠠ᠃ ᠴᠢᠬᠢ ᠪᠤᠶᠢᠵᠢᠭᠤᠯᠬᠤ ᠪᠡᠯᠡᠳᠬᠡᠯ ᠠᠵᠢᠯ ᠤᠨ ᠳᠤᠮᠳᠠ  ᠠᠷᠢᠭᠤᠳᠬᠠᠬᠤ ᠪᠣᠯ ᠪᠠᠰᠠ ᠴᠤ ᠲᠦᠢᠯ ᠤᠨ ᠵᠠᠩᠭᠢᠯᠠᠭ᠎ᠠ ᠶᠢᠨ ᠭᠤᠭᠴᠤᠭ᠎ᠠ ᠪᠣᠯᠬᠤ ᠶᠤᠮ᠂ ᠬᠥᠷᠥᠰᠥᠨ ᠳᠤ ᠴᠢᠭᠢᠭᠲᠦᠭᠦᠯᠦᠭᠴᠢ ᠨᠤᠨᠲᠠᠭ ᠵᠠᠭᠤᠨ ᠮᠦᠬᠦ ᠶᠢᠨ ᠲᠤᠩᠭᠠᠯᠠᠭ ᠢ ᠤᠷᠢᠳᠴᠢᠯᠠᠨ ᠰᠠᠴᠤᠵᠤ ᠠᠷᠢᠭᠤᠳᠬᠠᠨ ᠤᠰᠠᠳᠬᠠᠵᠤ᠂ ᠴᠡᠴᠡᠭ ᠤᠨ ᠴᠢᠬᠢ ᠶᠢ ᠬᠤᠯᠢᠮᠠᠭ ᠪᠠᠺᠲ᠋ᠧᠷᠢ ᠵᠡᠷᠭᠡ ᠳᠤ ᠳᠠᠭᠠᠷᠢᠭᠳᠠᠬᠤ ᠦᠭᠡᠢ ᠪᠣᠯᠭᠠᠵᠤ᠂ ᠡᠳᠡᠭᠡᠷᠡᠯᠲᠡ ᠶᠢᠨ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠡᠨᠡ ᠵᠢᠯ ᠬᠤᠲᠠ ᠶᠢᠨ ᠴᠡᠴᠡᠷᠯᠢᠭ ᠤᠨ ᠲᠣᠪᠴᠢᠶ᠎ᠠ ᠮᠥᠨ ᠬᠦ ᠪᠠᠷᠤᠭ 300 ᠲᠦᠮᠡᠨ ᠰᠠᠭᠤᠷᠢ ᠴᠡᠴᠡᠭ ᠤᠨ ᠴᠢᠬᠢ ᠶᠢ ᠪᠤᠶᠢᠵᠢᠭᠤᠯᠤᠨ᠎ᠠ᠂  ᠨᠠᠶᠢᠳᠠ 16 ᠲᠥᠷᠥᠯ  ᠵᠦᠢᠯ ᠪᠠᠭᠲᠠᠨ᠎ᠠ᠃ ᠡᠲᠡᠭᠡᠷ ᠴᠡᠴᠡᠭ ᠤᠨ ᠴᠢᠬᠢ ᠬᠦᠯᠡᠮᠵᠢ ᠳᠤ 2 ᠰᠠᠷ᠎ᠠ ᠭᠠᠷᠤᠶ ᠶᠢᠨ ᠤᠷᠭᠤᠯᠲᠠ ᠶᠢᠨ ᠬᠤᠭᠤᠴᠠᠭ᠎ᠠ ᠶᠢ ᠬᠡᠷᠡᠭᠰᠡᠨ᠎ᠡ᠂ ᠵᠢᠱᠢᠯᠲᠡ ᠪᠠᠷ 6 ᠰᠠᠷ᠎ᠠ ᠶᠢᠨ 1 ᠤ ᠡᠳᠦᠷ ᠠᠴᠠ ᠤᠷᠢᠳ ᠬᠤᠵᠢᠳ ᠢᠶᠠᠷ ᠮᠠᠨ ᠤ ᠬᠤᠲᠠ ᠶᠢᠨ ᠡᠯ᠎ᠡ ᠵᠡᠭᠡᠯᠢ ᠭᠤᠳᠤᠮᠵᠢ᠂ ᠠᠭᠤᠳᠠᠮ ᠲᠠᠯᠠᠪᠠᠶ᠂ ᠴᠡᠴᠡᠷᠯᠢᠭ᠂ ᠴᠡᠴᠡᠭ ᠤᠨ ᠦᠵᠡᠮᠦᠷᠢ ᠵᠡᠷᠭᠡ ᠭᠠᠵᠠᠷ ᠢᠶᠠᠷ ᠴᠢᠮᠡᠭᠯᠡᠨ᠎ᠡ᠂ ᠲᠤᠬᠠᠶ ᠶᠢᠨ ᠦᠶ᠎ᠡ ᠳᠤ ᠬᠤᠲᠠ ᠶᠢᠨ ᠠᠷᠠᠳ  ᠰᠣᠨᠢᠷᠬᠠᠵᠤ ᠪᠣᠯᠤᠨ᠎ᠠ᠃       ᠰᠤᠷᠪᠤᠯᠵᠢᠯᠠᠭᠴᠢ ᠶᠢᠨ ᠣᠯᠵᠤ ᠬᠠᠷᠠᠭᠰᠠᠨ ᠢᠶᠠᠷ᠂ ᠴᠡᠴᠡᠷᠯᠢᠭ ᠤᠨ ᠤᠶᠤᠨᠲᠤ ᠬᠦᠯᠡᠮᠵᠢ ᠳᠤ 30 ᠭᠠᠷᠤᠢ ᠠᠵᠢᠯᠳᠠᠨ ᠡᠮᠬᠢ ᠳᠢᠭᠯᠢᠮ ᠲᠠᠢ ᠪᠠᠷ ᠠᠵᠢᠯ ᠢᠶᠠᠨ ᠬᠤᠪᠢᠶᠠᠷᠢᠯᠠᠵᠤ᠂ ᠬᠦᠷᠵᠡ ᠬᠤᠷᠦ᠋ᠢᠯᠠᠵᠤ ᠰᠢᠷᠣᠢ ᠨᠡᠮᠡᠬᠦ᠂ ᠬᠥᠷᠥᠰᠥ ᠰᠢᠷᠣᠢ ᠪᠠᠷ ᠪᠠᠺᠲ᠋ᠧᠷᠢ ᠤᠰᠠᠳᠬᠠᠬᠤ᠂ ᠴᠢᠬᠢ ᠬᠠᠩᠳᠠᠵᠤ ᠤᠰᠤ ᠤᠰᠤᠯᠠᠬᠤ ᠵᠡᠷᠭᠡ ᠠᠵᠢᠯᠴᠢᠳ ᠤᠨ ᠰᠢᠷᠭᠠᠭᠤ ᠬᠠᠲᠠᠭᠤᠵᠢᠯᠲᠠᠢ ᠪᠤᠶᠢᠵᠢᠭᠤᠯᠤᠯᠲᠠ ᠪᠠᠷ ᠪᠠᠭ᠎ᠠ ᠰᠠᠭ᠎ᠠ ᠴᠡᠴᠡᠭ ᠢ ᠲᠠᠷᠢᠵᠦ ᠰᠠᠭᠤᠷᠢᠰᠢᠭᠤᠯᠵᠠᠢ᠃ ᠪᠠᠺᠲ᠋ᠧᠷᠢ ᠤᠰᠠᠳᠬᠠᠬᠤ᠂ ᠰᠢᠷᠣᠶ ᠨᠡᠮᠡᠬᠦ᠂ ᠴᠢᠬᠢ ᠰᠠᠴᠤᠬᠤ ᠠᠴᠠ ᠠᠪᠤᠭᠠᠳ ᠰᠠᠯᠭᠠᠨ ᠵᠠᠶᠢᠯᠠᠬᠤ ᠬᠦᠷᠲᠡᠯᠡᠬᠢ ᠡᠯ᠎ᠡ ᠠᠵᠢᠯ ᠤᠨ ᠳᠠᠷᠠᠭᠠᠯᠠᠯ ᠳᠤ ᠴᠡᠴᠡᠷᠯᠢᠭ ᠤᠨ ᠠᠵᠢᠯᠴᠢᠳ ᠴᠥᠮ ᠨᠠᠷᠢᠨ ᠬᠢᠨᠠᠮᠠᠭᠠᠶ᠂ ᠥᠴᠦᠬᠡᠨ ᠴᠦ ᠣᠰᠣᠯᠳᠠᠬᠤ ᠥᠬᠡᠶ ᠪᠠᠶᠢᠳᠠᠭ᠃      ︽ᠴᠡᠴᠡᠷᠯᠢᠭᠵᠢᠭᠰᠡᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠠᠰᠤᠷᠠᠯᠲᠠ ᠥᠬᠡᠶ ᠬᠥᠭᠵᠢᠬᠦ ᠶᠢ ᠳᠠᠭᠠᠯᠳᠤᠨ᠂ ᠨᠣᠭᠤᠭᠠᠷᠠᠭᠤᠯᠵᠤ ᠭᠤᠶᠤᠵᠢᠭᠤᠯᠬᠤ ᠠᠵᠢᠯ ᠶᠠᠪᠤᠬᠤ ᠲᠤᠲᠤᠮ ᠴᠢᠬᠤᠯᠠ ᠪᠣᠯᠵᠣ ᠪᠠᠶᠢᠨ᠎ᠠ᠂ ᠥᠪᠡᠷ ᠤᠨ ᠰᠢᠷᠭᠠᠭᠤ ᠬᠠᠲᠠᠭᠤᠵᠢᠯᠲᠠᠶ ᠪᠠᠷ ᠪᠤᠶᠢᠵᠢᠭᠤᠯᠤᠭᠰᠠᠨ ᠬᠤᠸᠠᠷ ᠴᠡᠴᠡᠭ ᠢᠶᠠᠨ ᠵᠤᠨ ᠤ ᠤᠯᠠᠷᠢᠯ ᠳᠤ ᠵᠡᠭᠡᠯᠢ ᠭᠤᠳᠤᠮᠵᠢ᠂ ᠠᠭᠤᠳᠠᠮ ᠲᠠᠯᠠᠪᠠᠶ᠂ ᠴᠡᠴᠡᠷᠯᠢᠭ ᠲᠤ ᠲᠠᠯᠪᠢᠵᠤ ᠵᠤᠭᠠᠴᠠᠭᠰᠠᠳ ᠲᠤ ᠰᠣᠨᠢᠷᠬᠠᠭᠤᠯᠬᠤ ᠪᠣᠯᠤᠭᠰᠠᠨ ᠳᠠᠭᠠᠨ ᠪᠢᠳᠡ ᠮᠠᠰᠢ ᠪᠠᠶᠠᠷ ᠲᠠᠢ ᠪᠠᠶᠢᠨ᠎ᠠ︾ ᠭᠡᠵᠡᠶ᠃       ᠨᠣᠭᠤᠭᠠᠷᠠᠭᠤᠯᠤᠯᠲᠠ ᠶᠢᠨ ᠵᠤᠯᠵᠠᠭ᠎ᠠ ᠮᠣᠳᠣ ᠶᠢ ᠪᠤᠶᠢᠵᠢᠭᠤᠯᠤᠨ ᠪᠤᠶᠢᠵᠢᠭᠤᠯᠬᠤ ᠨᠢ ᠬᠤᠲᠠ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠵᠤᠯᠵᠠᠭ᠎ᠠ ᠮᠣᠳᠣᠨ ᠤ ᠡᠳᠡᠭᠡᠷᠡᠯᠲᠡ ᠶᠢᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠵᠦ᠂ ᠬᠤᠲᠠ ᠶᠢᠨ ᠥᠩᠭᠡ ᠦᠵᠡᠮᠵᠢ ᠶᠢ ᠨᠠᠩ ᠣᠯᠠᠨ ᠠᠴᠠ ᠬᠡᠲᠦ᠋ᠢᠳᠦᠭᠦᠯᠵᠦ᠂ ᠦᠵᠡᠰᠬᠦᠯᠡᠩᠲᠦ ᠰᠠᠶᠢᠬᠠᠨ ᠪᠣᠭᠤᠮᠲᠠ ᠶᠢᠨ ᠦᠵᠡᠮᠦᠷᠢ ᠶᠢᠨ ᠦᠷ᠎ᠡ ᠪᠦᠲᠦᠮᠵᠢ ᠳᠤ ᠰᠠᠭᠤᠷᠢ ᠲᠠᠯᠪᠢᠵᠤ ᠥᠭᠬᠦ ᠪᠣᠯᠤᠨ᠎ᠠ᠃   
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号