ᠪᠣᠬᠢᠷᠲᠤᠯ ᠦᠭᠡᠢ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠶ᠎ᠡ︕ ᠲᠠᠷᠢᠶᠠᠨ ᠡᠮ ᠤᠨ ᠬᠠᠶᠠᠭᠳᠠᠮᠠᠯ ᠪᠣᠭᠤᠳᠠᠯ ᠪᠠᠭᠯᠠᠭ᠎ᠠ ᠶᠢ ᠬᠤᠷᠢᠶᠠᠨ ᠴᠤᠭᠯᠠᠭᠤᠯᠬᠤ ᠬᠠᠶᠢᠷᠴᠠᠭ ᠢ ᠰᠠᠶᠢᠤᠰᠤ ᠭᠠᠴᠠᠭ᠎ᠠ ᠳᠤ ᠣᠷᠣᠭᠤᠯᠪᠠ
ᠨᠡᠶᠢᠲᠡᠯᠡᠭᠰᠡᠨ ᠴᠠᠭ᠄
2021/3/15
    ᠲᠠᠷᠢᠶᠠᠨ ᠳᠠᠯᠠᠩ ᠤᠨ ᠬᠠᠵᠠᠭᠤ ᠳᠤ᠂ ᠨᠣᠭᠤᠭ᠎ᠠ ᠶᠢᠨ ᠲᠠᠷᠢᠶᠠᠨ ᠤ ᠬᠠᠵᠠᠭᠤ ᠳᠤ᠂ ᠵᠥᠪᠬᠡᠨ ᠬᠡᠷᠡᠭᠯᠡᠵᠦ ᠳᠠᠭᠤᠰᠤᠭᠰᠠᠨ ᠲᠠᠷᠢᠶᠠᠨ ᠡᠮ ᠤᠨ ᠯᠣᠩᠬᠤ᠂ ᠲᠠᠷᠢᠶᠠᠨ ᠡᠮ ᠤᠨ ᠤᠭᠤᠲᠠ ᠶᠢᠨ ᠠᠮᠠᠰᠠᠷ ᠢ ᠨᠡᠭᠡᠭᠡᠵᠦ᠂ ᠦᠯᠡᠳᠡᠭᠰᠡᠨ ᠲᠠᠷᠢᠶᠠᠨ ᠡᠮ ᠨᠢ ᠬᠥᠷᠥᠰᠥᠨ ᠳᠤ ᠰᠢᠮᠡᠳᠦᠨ ᠣᠷᠣᠬᠤ᠂ ᠡᠰᠡᠬᠦᠯ᠎ᠡ ᠭᠤᠷᠤᠬ᠎ᠠ ᠶᠢᠨ ᠤᠰᠤ ᠶᠢ ᠪᠣᠬᠢᠷᠲᠤᠭᠤᠯᠳᠠᠭ ᠁ ᠥᠩᠭᠡᠷᠡᠭᠰᠡᠨ ᠳᠤ᠂ ᠡᠶᠢᠮᠦᠷᠬᠦ ᠦᠵᠡᠭᠳᠡᠯ ᠬᠥᠳᠡᠭᠡ ᠲᠣᠰᠬᠤᠨ ᠳᠤ ᠭᠠᠵᠠᠷ ᠪᠣᠯᠭᠠᠨ ᠳᠤ ᠬᠠᠷᠠᠭᠳᠠᠵᠤ᠂ ᠦᠯᠡᠮᠵᠢ ᠤᠯᠠᠨ ᠬᠠᠶᠠᠭᠳᠠᠮᠠᠯ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢ ᠭᠠᠵᠠᠷ ᠪᠣᠯᠭᠠᠨ ᠳᠤ ᠬᠠᠶᠠᠵᠤ᠂ ᠣᠷᠴᠢᠨ ᠲᠣᠭᠤᠷᠢᠨ ᠢ ᠬᠦᠨᠳᠦ ᠨᠣᠴᠢᠲᠠᠢ ᠪᠣᠬᠢᠷᠲᠤᠭᠤᠯᠵᠤ ᠪᠠᠶᠢᠪᠠ᠃
          ᠬᠦᠳᠡᠯᠭᠡᠭᠡᠨ ᠤ ᠠᠬᠤᠢ ᠲᠠᠯᠠᠪᠠᠢ
     ᠠᠵᠢᠯᠲᠠᠳ ᠲᠤᠬᠠᠶ ᠶᠢᠨ ᠲᠠᠯᠠᠪᠤᠷ ᠲᠤ ᠲᠠᠷᠢᠶᠠᠨ ᠡᠮ ᠤᠨ ᠬᠠᠶᠠᠭᠳᠠᠮᠠᠯ ᠯᠣᠩᠬᠤ ᠶᠢ ᠬᠤᠷᠢᠶᠠᠨ ᠴᠤᠭᠯᠠᠭᠤᠯᠬᠤ ᠬᠠᠶᠢᠷᠴᠠᠭ ᠲᠤ ᠬᠢᠪᠡ      ᠮᠠᠨ ᠤ ᠬᠤᠲᠠ ᠶᠢᠨ ᠲᠠᠷᠢᠶᠠᠯᠠᠩ ᠤᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠦᠪᠰᠢᠨ ᠢ  ᠳᠡᠭᠡᠭᠰᠢᠯᠡᠬᠦᠯᠵᠦ᠂ ᠬᠤᠭ ᠨᠣᠪᠰᠢ ᠶᠢᠨ ᠡᠬᠢ ᠰᠤᠷᠪᠤᠯᠵᠢ ᠶᠢᠨ ᠪᠣᠬᠢᠷᠲᠤᠯ ᠢ ᠪᠠᠭᠠᠰᠬᠠᠵᠤ᠂ ᠪᠣᠬᠢᠷᠲᠤᠯ ᠥᠬᠡᠶ᠂ ᠠᠷᠪᠢᠲᠠᠶ᠂ ᠦᠷᠭᠦᠯᠵᠢᠯᠡᠬᠦ ᠠᠮᠢ ᠠᠬᠤᠶ ᠶᠢᠨ ᠡᠷᠡᠭᠦᠯ ᠡᠩᠬᠡ ᠲᠠᠷᠢᠶᠠᠯᠠᠩ ᠢ ᠪᠠᠶᠢᠭᠤᠯᠬᠤ ᠶᠢᠨ ᠳᠣᠯᠠᠳᠠ᠂ 3 ᠰᠠᠷ᠎ᠠ ᠶᠢᠨ 12 ᠤᠨ ᠡᠳᠦᠷ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠲᠣᠪᠴᠢᠶ᠎ᠠ ᠬᠢᠭᠡᠳ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ  ᠰᠠᠶᠢᠬᠤᠰᠦ ᠭᠠᠴᠠᠭ᠎ᠠ ᠳᠤ ︽ᠪᠣᠬᠢᠷᠲᠤᠯ ᠥᠬᠡᠶ ᠠᠵᠢᠯᠯᠠᠭ᠎ᠠ ᠳᠤ ᠣᠷᠣᠯᠴᠠᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠬᠠᠮᠠᠭᠠᠯᠠᠬᠤ︾ ᠪᠠᠷ ᠭᠤᠤᠯ ᠰᠡᠳᠦᠪ ᠪᠣᠯᠭᠠᠭᠰᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠤᠬᠠᠶ ᠶᠢᠨ ᠲᠠᠯᠠᠪᠤᠷ ᠲᠤ ᠲᠠᠷᠢᠶᠠᠨ ᠡᠮ ᠤᠨ ᠬᠠᠶᠠᠭᠳᠠᠮᠠᠯ ᠪᠣᠭᠤᠳᠠᠯ ᠪᠠᠭᠯᠠᠭ᠎ᠠ ᠶᠢ ᠬᠤᠷᠢᠶᠠᠨ ᠴᠤᠭᠯᠠᠭᠤᠯᠬᠤ ᠶᠢᠨ ᠬᠠᠮᠲᠤ ᠲᠤᠰᠬᠠᠶ ᠬᠤᠷᠢᠶᠠᠨ ᠴᠤᠭᠯᠠᠭᠤᠯᠬᠤ ᠬᠠᠶᠢᠷᠴᠠᠭ ᠲᠤ ᠬᠢᠵᠦ ᠣᠷᠣᠭᠤᠯᠪᠠ᠃
           ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠬᠠᠮᠢᠶ᠎ᠠ ᠪᠥᠬᠦᠶ ᠤᠬᠠᠭᠤᠯᠬᠤ ᠮᠠᠲ᠋ᠧᠷᠢᠶᠠᠯ ᠢ ᠣᠯᠠᠨ ᠳᠤ ᠲᠠᠷᠬᠠᠭᠠᠬᠤ ᠶᠢᠨ ᠬᠠᠮᠲᠤ ᠬᠤᠷᠢᠶᠠᠨ ᠴᠤᠭᠯᠠᠭᠤᠯᠬᠤ ᠬᠠᠶᠢᠷᠴᠠᠭ ᠤᠨ ᠬᠡᠷᠡᠭᠯᠡᠬᠦ ᠠᠷᠭ᠎ᠠ ᠶᠢ ᠨᠠᠷᠢᠨ  ᠳᠠᠨᠢᠯᠴᠠᠭᠤᠯᠵᠦ᠂ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠭᠠᠴᠠᠭᠠᠨ ᠤ ᠬᠠᠷᠢᠭᠤᠴᠠᠯᠭᠠᠲᠠᠨ ᠢ ᠪᠡᠶ᠎ᠡ ᠪᠠᠷ ᠢᠶᠠᠨ ᠣᠴᠢᠵᠤ ᠪᠠᠶᠢᠴᠠᠭᠠᠵᠤ᠂ ᠬᠢᠨᠠᠨ ᠵᠢᠯᠣᠭᠤᠳᠬᠤ ᠶᠢ ᠱᠠᠭᠠᠷᠳᠠᠪᠠ᠃ ᠣᠶᠢᠯᠠᠭᠠᠭᠰᠠᠨ ᠢᠶᠠᠷ᠂ ᠲᠠᠷᠢᠶᠠᠨ ᠡᠮ ᠤᠨ ᠬᠡᠷᠡᠭᠯᠡᠯᠲᠡ ᠶᠢᠨ ᠬᠡᠪᠴᠢᠶ᠎ᠡ ᠥᠷᠭᠡᠳᠬᠦ ᠶᠢ ᠳᠠᠭᠠᠯᠳᠤᠨ᠂ ᠰᠦᠯᠢᠶᠣᠣ᠂ ᠴᠠᠭᠠᠰᠤᠨ ᠬᠠᠪᠲᠠᠰᠤ᠂ ᠰᠢᠯ ᠵᠡᠷᠭᠡ ᠮᠠᠲ᠋ᠧᠷᠢᠶᠠᠯ ᠢᠶᠠᠷ  ᠦᠢᠯᠡᠳᠦᠭᠰᠡᠨ ᠲᠠᠷᠢᠶᠠᠨ ᠡᠮ ᠤᠨ ᠬᠠᠶᠠᠭᠳᠠᠮᠠᠯ ᠪᠣᠭᠤᠳᠠᠯ ᠪᠠᠭᠯᠠᠭ᠎ᠠ ᠶᠢ ᠶᠡᠭᠡ ᠪᠠᠷ ᠨᠡᠮᠡᠭᠳᠡᠭᠦᠯᠵᠦ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠪᠠ ᠰᠢᠢᠳᠪᠣᠷᠢᠯᠡᠬᠦ ᠠᠵᠢᠯ ᠢ ᠥᠷᠨᠢᠭᠦᠯᠵᠦ᠂ ︽ᠣᠯᠠᠨ ᠲᠦᠮᠡᠨ ᠴᠤᠭᠯᠠᠭᠤᠯᠬᠤ᠂ ᠲᠥᠯᠥᠪᠦᠷᠢ ᠲᠠᠢ ᠪᠠᠷ ᠬᠤᠷᠢᠶᠠᠨ ᠠᠪᠬᠤ᠂ ᠲᠥᠪᠯᠡᠷᠡᠭᠦᠯᠦᠨ ᠰᠢᠢᠳᠪᠣᠷᠢᠯᠡᠬᠦ︾ ᠪᠠᠷ ᠦᠨᠳᠦᠰᠦᠨ ᠵᠠᠭᠪᠤᠷ ᠪᠣᠯᠭᠠᠵᠤ᠂ ᠰᠠᠯᠠᠭ᠎ᠠ ᠮᠥᠴᠢᠷ ᠤᠳ ᠵᠣᠬᠢᠴᠠᠭᠤᠯᠬᠤ᠂ ᠬᠠᠷᠢᠶ᠎ᠠ ᠭᠠᠵᠠᠷ ᠲᠤᠨᠢ ᠬᠠᠮᠢᠶᠠᠷᠬᠤ᠂ ᠣᠯᠠᠨ ᠲᠦᠮᠡᠨ ᠣᠷᠣᠯᠴᠠᠬᠤ᠂ ᠬᠢᠨᠠᠨ ᠵᠢᠯᠣᠭᠤᠳᠬᠤ ᠶᠢ ᠠᠬᠢᠭᠤᠯᠬᠤ ᠲᠥᠪᠯᠡᠷᠡᠭᠦᠯᠦᠨ ᠬᠤᠷᠢᠶᠠᠨ ᠴᠤᠭᠯᠠᠭᠤᠯᠵᠤ  ᠰᠢᠢᠳᠪᠣᠷᠢᠯᠡᠬᠦ ᠵᠠᠭᠪᠤᠷ ᠢ ᠪᠣᠶ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠢᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠡᠵᠡᠩᠨᠡᠯᠲᠡ ᠶᠢᠨ ᠲᠣᠭᠲᠠᠴᠠ ᠶᠢ ᠪᠠᠶᠢᠭᠤᠯᠤᠨ᠎ᠠ︔ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠢᠱᠢᠶ᠎ᠡ ᠦᠵᠡᠭᠦᠯᠬᠦ ᠭᠠᠴᠠᠭ᠎ᠠ ᠶᠢ ᠪᠠᠶᠢᠭᠤᠯᠵᠤ᠂ ᠳᠠᠷᠢᠬᠤ᠂ ᠲᠡᠵᠢᠭᠡᠬᠦ᠂ ᠨᠡᠮᠡᠬᠦ ᠶᠢ ᠨᠢᠭᠡ ᠴᠣᠠᠠᠴᠠᠵᠢᠭᠤᠯᠥᠠᠠᠰᠠᠨ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠠᠭᠪᠤᠷ ᠢ ᠬᠡᠷᠡᠭᠵᠢᠭᠦᠯᠵᠦ᠂ ᠠᠯᠬᠤᠮ ᠠᠯᠬᠤᠮ ᠢᠶᠠᠷ ᠳᠡᠯᠭᠡᠷᠡᠭᠦᠯᠵᠦ᠂ ᠪᠥᠬᠦ ᠬᠤᠲᠠ ᠶᠢᠨ ᠣᠷᠭᠠᠨᠢᠭ ᠲᠠᠷᠢᠶᠠᠯᠠᠩ᠂ ᠪᠣᠬᠢᠷᠲᠤᠯ ᠥᠬᠡᠶ ᠲᠠᠷᠢᠶᠠᠯᠠᠩ᠂ ᠡᠷᠬᠢᠯᠳᠡᠳᠦ ᠲᠠᠷᠢᠶᠠᠯᠠᠩ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号