ᠬᠠᠪᠤᠷ ᠤᠨ ᠰᠠᠶᠢᠬᠠᠨ ᠦᠵᠡᠮᠵᠢ ᠶᠢ ᠬᠥᠰᠡᠷᠳᠡᠭᠦᠯᠬᠦ ᠦᠭᠡᠢ︕ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠢᠯ ᠢ ᠡᠮᠬᠢ ᠵᠢᠷᠤᠮ ᠲᠠᠢ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2021/3/15
        ᠬᠠᠪᠤᠷ ᠤᠨ ᠤᠷᠢᠬᠠᠨ ᠰᠠᠯᠬᠢᠨ ᠤ ᠠᠶᠠᠰ ᠢᠶᠠᠷ ᠰᠢᠨ᠎ᠡ ᠨᠣᠭᠤᠭᠠᠨ ᠦᠩᠭᠡ ᠶᠢ ᠲᠦᠷᠭᠡᠳᠬᠡᠵᠦ᠂ ᠠᠷᠠᠴᠢᠯᠠᠵᠤ ᠬᠠᠮᠠᠭᠠᠯᠠᠬᠤ ᠨᠢ ᠶᠠᠭ ᠴᠠᠭ ᠲᠠᠭᠠᠨ ᠬᠠᠪᠤᠷ ᠤᠨ ᠤᠯᠠᠷᠢᠯ ᠪᠣᠯ ᠨᠣᠭᠤᠭᠠᠷᠠᠭᠤᠯᠤᠯᠲᠠ ᠶᠢᠨ ᠰᠢᠵᠢᠷ ᠠᠯᠲᠠᠨ ᠤᠯᠠᠷᠢᠯ ᠮᠥᠨ᠂ ᠨᠠᠩ ᠴᠤ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠮᠥᠨ᠂ 43 ᠳ᠋ᠤᠭᠠᠷ ᠮᠣᠳᠣ ᠳᠠᠷᠢᠬᠤ ᠪᠠᠶᠠᠷ ᠬᠦᠷᠴᠦ ᠢᠷᠡᠬᠦ ᠲᠠᠰᠢᠷᠠᠮ ᠳᠤ᠂ ᠬᠤᠲᠠ ᠶᠢᠨ ᠴᠡᠴᠡᠷᠯᠢᠭ ᠤᠨ ᠲᠣᠪᠴᠢᠶ᠎ᠠ ᠬᠠᠪᠤᠷ ᠤᠨ ᠤᠯᠠᠷᠢᠯ ᠤᠨ ᠨᠣᠭᠤᠭᠠᠷᠠᠭᠤᠯᠤᠯᠲᠠ ᠶᠢᠨ ᠠᠷᠠᠴᠢᠯᠠᠯᠲᠠ ᠬᠠᠮᠢᠶᠠᠷᠤᠯᠲᠠ ᠶᠢ ᠪᠠᠶᠢᠷᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢᠨ ᠬᠠᠮᠲᠤ ᠨᠣᠭᠤᠭᠠᠷᠠᠭᠤᠯᠤᠯᠲᠠ ᠶᠢᠨ ᠬᠠᠶᠢᠴᠢᠯᠠᠵᠤ ᠠᠷᠠᠴᠢᠯᠠᠬᠤ ᠬᠠᠮᠢᠶᠠᠷᠤᠯᠲᠠ ᠶᠢᠨ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠴᠢᠬᠢ ᠮᠣᠳᠣᠨ ᠤ ᠬᠡᠪ ᠤᠨ ᠤᠷᠭᠤᠯᠲᠠ ᠶᠢ ᠦᠨᠡᠨ ᠬᠦ ᠪᠠᠲᠤᠯᠠᠬᠤ ᠬᠡᠷᠡᠭᠲᠡᠶ᠃
          ᠮᠣᠳᠣ ᠶᠢ ᠬᠠᠶᠢᠴᠢᠯᠠᠵᠤ ᠪᠠᠶᠢᠭ᠎ᠠ ᠴᠡᠴᠡᠷᠯᠢᠭᠴᠢ        ᠡᠪᠦᠯ ᠤᠨ ᠬᠦᠢᠲᠡᠨ ᠳᠤ ᠲᠦᠮᠡᠨ ᠪᠣᠳᠠᠰ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠬᠤᠲᠠ ᠶᠢᠨ ᠴᠡᠴᠡᠷᠯᠢᠭ ᠤᠨ ᠲᠣᠪᠴᠢᠶ᠎ᠠ ᠴᠠᠭ ᠲᠣᠬᠢᠶᠠᠯ ᠢ ᠠᠮᠵᠢᠨ᠂ ᠴᠡᠴᠡᠷᠯᠢᠭ ᠤᠨ ᠵᠠᠭᠤ ᠭᠠᠷᠤᠶ ᠠᠵᠢᠯᠴᠢᠳ ᠢ ᠵᠣᠬᠢᠶᠠᠨ ᠪᠠᠶᠢᠭᠤᠯᠵᠤ᠂ ︽ᠪᠠᠭ᠎ᠠ ᠠᠴᠠ ᠨᠢ ᠠᠪᠴᠤ᠂ ᠡᠷᠲᠡ ᠠᠴᠠ ᠨᠢ ᠠᠪᠴᠤ ᠬᠠᠶᠠᠬᠤ︾ ᠵᠠᠷᠴᠢᠮ ᠢ ᠪᠠᠷᠢᠮᠲᠠᠯᠠᠵᠤ᠂ ᠬᠥᠮᠦᠰ ᠢ ᠵᠦᠢ ᠵᠣᠬᠢᠰᠲᠠᠶ ᠲᠣᠬᠢᠷᠠᠭᠤᠯᠵᠤ᠂ ᠭᠤᠣᠯ ᠳᠡᠳ᠋ ᠵᠡᠭᠡᠯᠢ ᠭᠤᠳᠤᠮᠵᠢ᠂ ᠴᠡᠴᠡᠷᠯᠢᠭ ᠤᠨ ᠠᠭᠤᠳᠠᠮ ᠲᠠᠯᠠᠪᠠᠶ ᠵᠡᠷᠭᠡ ᠭᠠᠵᠠᠷ ᠲᠤ ᠰᠢᠷᠣᠶ ᠶᠢ ᠰᠤᠯᠠᠷᠠᠭᠤᠯᠤᠨ ᠳᠠᠯᠠᠩ ᠭᠠᠷᠭᠠᠬᠤ᠂ ᠲᠠᠷᠢᠶ᠎ᠠ ᠶᠢ ᠨᠢ ᠲᠡᠩᠨᠡᠵᠦ ᠡᠪᠡᠰᠦ ᠶᠢ ᠨᠢ ᠠᠷᠢᠯᠭᠠᠬᠤ ᠵᠡᠷᠭᠡ ᠠᠷᠠᠴᠢᠯᠠᠨ ᠬᠠᠮᠠᠭᠠᠯᠠᠬᠤ ᠠᠵᠢᠯ ᠬᠢᠯᠭᠡᠨ᠎ᠡ᠃ ᠨᠣᠭᠤᠭᠠᠨ ᠭᠠᠵᠠᠷ ᠲᠠᠬᠢ ᠬᠤᠪᠠᠭ᠋ᠠᠶᠢᠷᠠᠭᠰᠠᠨ ᠮᠣᠳᠣᠨ ᠤ ᠰᠠᠯᠠᠭ᠎ᠠ ᠮᠥᠴᠢᠷ ᠢ ︽ᠨᠢᠭᠡ ᠡᠳᠦᠷ ᠲᠤ ᠭᠤᠷᠪᠠ ᠶᠢ ᠴᠡᠪᠡᠷᠯᠡᠬᠦ︾ ᠱᠠᠭᠠᠷᠳᠠᠯᠭ᠎ᠠ ᠶᠣᠰᠣᠭᠠᠷ ᠲᠥᠪᠯᠡᠷᠡᠭᠦᠯᠦᠨ ᠴᠡᠪᠡᠷᠯᠡᠨ ᠵᠠᠰᠠᠵᠤ᠂ ᠡᠭᠦᠨ ᠤ ᠬᠠᠮᠲᠤ ᠪᠦᠳᠦᠭᠦᠨ ᠪᠦᠳᠦᠭᠦᠨ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠰᠠᠯᠠᠭ᠎ᠠ ᠮᠥᠴᠢᠷ᠂ ᠳᠠᠪᠬᠤᠴᠠᠭᠰᠠᠨ ᠰᠣᠯᠪᠢᠴᠠᠭᠰᠠᠨ ᠰᠠᠯᠠᠭ᠎ᠠ ᠮᠥᠴᠢᠷ᠂ ᠨᠢᠭᠲᠠ ᠨᠠᠭᠠᠯᠳᠤᠭᠰᠠᠨ ᠲᠡᠩᠴᠡᠭᠦᠷᠢᠲᠦ ᠰᠠᠯᠠᠭ᠎ᠠ ᠮᠥᠴᠢᠷ᠂ ᠰᠢᠮ᠎ᠡ ᠲᠡᠵᠢᠭᠡᠯ ᠮᠠᠭᠤ ᠡᠭᠴᠡ ᠰᠠᠯᠠᠭ᠎ᠠ ᠮᠥᠴᠢᠷ ᠵᠡᠷᠭᠡ ᠬᠠᠪᠤᠷ ᠤᠨ ᠤᠯᠠᠷᠢᠯ ᠤᠨ ᠡᠪᠡᠳᠴᠢᠨ ᠬᠤᠷᠣᠬᠠᠶ ᠶᠢᠨ ᠬᠥᠨᠥᠭᠡᠯ ᠳᠤ ᠠᠮᠠᠷᠬᠠᠨ ᠬᠠᠯᠳᠠᠪᠤᠷᠢᠯᠠᠭᠳᠠᠬᠤ ᠬᠡᠰᠡᠭ ᠢ ᠨᠢᠭᠡ ᠨᠢᠭᠡ ᠪᠠᠷ ᠴᠡᠪᠡᠷᠯᠡᠨ ᠬᠠᠶᠢᠴᠢᠯᠠᠨ᠎ᠠ᠃ ᠣᠶ ᠮᠣᠳᠣ ᠶᠢ ᠬᠠᠶᠢᠴᠢᠯᠠᠨ ᠵᠠᠰᠠᠬᠤ ᠣᠷᠣᠨ ᠪᠦᠰᠡ ᠳᠤ ᠬᠡᠲᠦ ᠥᠨᠳᠥᠷ ᠦᠷ᠎ᠡ ᠠᠰᠢᠭ ᠲᠠᠢ ᠴᠡᠴᠡᠷᠯᠢᠭ ᠤᠨ ᠤᠷᠭᠤᠮᠠᠯ ᠤᠨ ᠬᠠᠮᠠᠭᠠᠯᠠᠯᠲᠠ ᠶᠢᠨ ᠡᠳ᠋ ᠢ ᠲᠦᠷᠬᠢᠨ ᠬᠠᠮᠠᠭᠠᠯᠠᠵᠤ᠂ ᠲᠡᠭᠦᠨ ᠢ ᠰᠠᠶᠢᠨ ᠰᠠᠶᠢᠬᠠᠨ ᠴᠢᠬᠢ ᠮᠣᠳᠣᠨ ᠤ ᠬᠡᠯᠪᠡᠷᠢ ᠳᠦᠷᠰᠦ ᠪᠠ ᠳᠡᠭᠡᠭᠰᠢ ᠤᠷᠭᠤᠴᠠ ᠶᠢᠨ ᠪᠠᠶᠢᠳᠠᠯ ᠲᠠᠢ ᠪᠠᠶᠢᠯᠭᠠᠵᠤ᠂ ᠲᠡᠷᠢ ᠲᠡᠭᠰᠢ ᠦᠵᠡᠮᠵᠢᠲᠡᠶ ᠮᠥᠷᠲᠡᠭᠡᠨ ᠴᠢᠬᠢ ᠮᠣᠳᠣᠨ ᠤ ᠤᠷᠭᠤᠯᠲᠠ ᠳᠤ ᠠᠰᠢᠭᠲᠠᠶ ᠪᠣᠯᠭᠠᠵᠤ᠂ ᠴᠡᠴᠡᠷᠯᠢᠭ ᠤᠨ ᠦᠵᠡᠮᠵᠢ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
        ᠬᠢᠷᠭᠠᠵᠤ ᠵᠠᠰᠠᠬᠤ ᠣᠷᠣᠨ ᠳᠤ ᠬᠠᠮᠠᠭᠠᠯᠠᠬᠤ ᠡᠳ᠋  ᠲᠦᠷᠬᠢᠵᠦ ᠪᠠᠶᠢᠭ᠎ᠠ ᠨᠢ
         ᠬᠠᠶᠢᠴᠢᠯᠠᠭᠰᠠᠨ ᠮᠣᠳᠣᠨ ᠰᠠᠯᠠᠭ᠎ᠠ ᠶᠢ ᠲᠡᠷᠭᠡᠨ ᠳᠤ ᠲᠡᠭᠡᠭᠡᠵᠦ  ᠪᠠᠶᠢᠭ᠎ᠠ ᠨᠢ       ᠲᠠᠷᠠᠭᠠᠴᠢ ᠶᠢᠨ ᠠᠯᠬᠤᠮ ᠳᠤ᠂ ᠬᠤᠲᠠ ᠶᠢᠨ ᠴᠡᠴᠡᠷᠯᠢᠭ ᠤᠨ ᠲᠣᠪᠴᠢᠶ᠎ᠠ ᠠᠴᠠ ︽ᠨᠠᠷᠢᠯᠢᠭ ᠰᠠᠴᠤᠵᠤ ᠤᠳᠠᠭᠠᠨ ᠤᠰᠤᠯᠠᠬᠤ᠂  ᠬᠦᠢᠴᠡᠳ ᠤᠰᠤᠯᠠᠬᠤ︾ ᠵᠠᠷᠴᠢᠮ ᠢ ᠴᠢᠩᠭ᠎ᠠ ᠵᠢᠷᠤᠮᠯᠠᠨ᠂ ᠬᠠᠷᠢᠶᠠᠲᠤ ᠣᠷᠣᠨ ᠤ ᠳᠣᠲᠣᠷᠠᠬᠢ ᠴᠡᠴᠡᠷᠯᠢᠭ᠂ ᠲᠠᠯᠠᠪᠠᠶ ᠵᠢᠴᠢ ᠵᠠᠮ ᠤᠨ ᠨᠣᠭᠤᠭᠠᠨ ᠭᠠᠵᠠᠷ ᠤᠨ ᠤᠷᠭᠤᠮᠠᠯ ᠢ ᠨᠣᠭᠤᠭᠠᠨ ᠤᠰᠤ ᠪᠠᠷ ᠤᠰᠤᠯᠠᠨ᠎ᠠ᠃ ᠡᠭᠦᠨ ᠤ ᠵᠡᠷᠭᠡ ᠳᠤ ᠪᠠᠰᠠ ᠬᠥᠯᠳᠡᠬᠦ ᠭᠠᠮᠰᠢᠭ ᠢ ᠲᠡᠮᠲᠡᠷᠢᠨ ᠠᠷᠢᠯᠭᠠᠬᠤ ᠪᠠ ᠠᠪᠤᠷᠠᠨ ᠵᠠᠰᠠᠬᠤ ᠠᠵᠢᠯ ᠢ ᠥᠷᠨᠢᠭᠦᠯᠵᠦ᠂ ᠬᠠᠪᠤᠷ ᠤᠨ ᠤᠯᠠᠷᠢᠯ ᠳᠤ ᠠᠮᠠᠷᠬᠠᠨ ᠡᠭᠦᠰᠳᠡᠭ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠢᠳᠡᠪᠬᠢᠲᠡᠶ ᠰᠠᠶᠢᠲᠤᠷ ᠬᠢᠬᠦ ᠪᠣᠯᠤᠨ᠎ᠠ᠃ ᠬᠤᠳᠠ ᠶᠢᠨ ᠲᠣᠭᠤᠷᠢᠭ ᠤᠨ ᠬᠠᠪᠤᠷ ᠤᠨ ᠤᠯᠠᠷᠢᠯ ᠤᠨ ᠨᠣᠭᠤᠭᠠᠷᠠᠭᠤᠯᠤᠯᠲᠠ ᠠᠷᠠᠴᠢᠯᠠᠯᠲᠠ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠡᠶᠡᠯᠡᠭᠦᠯᠵᠦ᠂ ᠰᠢᠨ᠎ᠡ ᠰᠣᠷᠭᠤᠭ ᠬᠤᠳᠠ ᠶᠢᠨ ᠦᠵᠡᠮᠵᠢ ᠪᠠᠷ ᠬᠤᠳᠠ ᠶᠢᠨ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号