ᠮᠠᠨ ᠤ ᠬᠤᠲᠠ 2020 ᠣᠨ ᠤ ᠪᠣᠯᠪᠠᠰᠤᠨ ᠦᠨᠡᠨᠴᠢ ᠢᠲᠡᠭᠡᠮᠵᠢᠲᠡᠢ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠥᠬᠢᠭᠦᠯᠦᠨ ᠰᠠᠶᠢᠰᠢᠶᠠᠪᠠ
ᠨᠡᠶᠢᠲᠡᠯᠡᠭᠰᠡᠨ ᠴᠠᠭ᠄
2021/3/17
        ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠲᠥᠪ ᠰᠤᠷᠲᠠᠯ ᠢ ᠪᠠᠳᠠᠷᠠᠭᠤᠯᠤᠨ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠥᠷᠭᠡᠨ ᠣᠯᠠᠨ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠪᠠ ᠬᠤᠪᠢ ᠶᠢᠨ ᠦᠢᠯᠡᠳᠪᠣᠷᠢ ᠬᠤᠳᠠᠯᠳᠤᠭᠠᠨ ᠤ ᠡᠷᠦᠬᠡ ᠶᠢᠨ ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ  ᠦᠢᠯᠡᠳᠦᠯ ᠢ ᠤᠯᠠᠮ ᠨᠢᠭᠡ ᠠᠯᠬᠤᠮ ᠵᠣᠷᠢᠭᠵᠢᠭᠤᠯᠤᠨ ᠬᠥᠭᠵᠢᠭᠡᠬᠦ ᠶᠢᠨ ᠳᠣᠯᠠᠳᠠ᠂ 3 ᠰᠠᠷ᠎ᠠ ᠶᠢᠨ 15 ᠤ ᠡᠳᠦᠷ᠂ ᠮᠠᠨ ᠤ ᠬᠤᠲᠠ 2020 ᠣᠨ ᠤ ︽ᠪᠣᠯᠪᠠᠰᠤᠨ ᠦᠨᠡᠨᠴᠢ ᠢᠲᠡᠭᠡᠮᠵᠢ ᠲᠠᠢ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ︾ ︽ᠪᠣᠯᠪᠠᠰᠤᠨ ᠦᠨᠡᠨᠴᠢ ᠢᠲᠡᠭᠡᠮᠵᠢ ᠲᠠᠢ ᠬᠤᠪᠢ ᠶᠢᠨ ᠦᠢᠯᠡᠳᠪᠣᠷᠢ ᠬᠤᠳᠠᠯᠳᠤᠭᠠᠨ ᠤ ᠡᠷᠦᠬᠡ︾ ︽ᠦᠨᠡᠨᠴᠢ ᠢᠲᠡᠭᠡᠮᠵᠢ ᠲᠠᠢ ᠡᠵᠡᠩᠨᠡᠯᠲᠡ ᠶᠢᠨ ᠵᠢᠱᠢᠶ᠎ᠡ ᠦᠵᠡᠭᠦᠯᠬᠦ ᠳᠡᠯᠭᠡᠭᠦᠷ︾ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ᠃
          ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠠᠬᠤᠶ ᠲᠠᠯᠠᠪᠠᠢ        ᠬᠤᠳᠠ ᠵᠢᠨ‌‍ᠲ᠋ᠡᠳ᠋ ᠳᠠᠷᠤᠭ᠎ᠠ ᠭᠦᠸᠧ ᠫᠢᠩ ᠸᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ᠂ ᠬᠥᠬᠢᠭᠦᠯᠦᠯ ᠭᠥᠷᠳᠡᠭᠰᠡᠨ ᠦᠨᠡᠨᠴᠢ ᠢᠲᠡᠭᠡᠮᠵᠢ ᠶᠢᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
             ᠭᠦᠸᠧ ᠫᠢᠩ ᠸᠠᠩ ᠶᠠᠷᠢᠶ᠎ᠠ ᠲᠠᠯᠪᠢᠵᠠᠢ       ᠭᠦᠸᠧ ᠫᠢᠩ ᠸᠠᠩ ᠶᠠᠷᠢᠶᠠᠨ ᠳᠠᠭᠠᠨ᠂ ᠦᠨᠡᠨᠴᠢ ᠢᠲᠡᠭᠡᠮᠵᠢ ᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠣᠯ ᠨᠢᠭᠡᠨ ᠬᠤᠳᠠ ᠶᠢᠨ ᠪᠣᠯᠪᠠᠰᠤᠨ ᠤ ᠬᠡᠮᠵᠢᠶ᠎ᠡ ᠶᠢ ᠬᠡᠮᠵᠢᠬᠦ ᠴᠢᠬᠤᠯᠠ ᠰᠢᠯᠭᠠᠨ ᠦᠨᠡᠯᠡᠬᠦ ᠭᠦᠢᠴᠡᠳᠬᠡᠯ ᠲᠤᠭ᠎ᠠ ᠪᠣᠯᠤᠨ᠎ᠠ᠃ ᠣᠶᠢᠷ᠎ᠠ ᠶᠢᠨ ᠵᠢᠯ ᠳᠤ᠂ ᠮᠠᠨ ᠤ ᠬᠤᠲᠠ ᠦᠨᠡᠨᠴᠢ ᠢᠲᠡᠭᠡᠮᠵᠢ ᠶᠢᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠴᠡᠭᠴᠡᠯᠡᠨ ᠵᠢᠷᠤᠮᠵᠢᠭᠤᠯᠬᠤ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠦᠴᠦᠲᠡᠶ ᠴᠡᠪᠡᠷᠰᠢᠭᠦᠯᠵᠦ᠂ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠵᠤ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠡᠳᠡᠭᠡᠷ ᠬᠢᠯᠪᠠᠷ ᠪᠤᠰᠤ ᠪᠠᠷ ᠣᠯᠤᠭᠰᠠᠨ ᠠᠮᠵᠢᠯᠲᠠ ᠶᠢ ᠣᠯᠤᠭᠰᠠᠨ ᠨᠢ ᠪᠦᠬᠦ ᠬᠤᠲᠠ ᠶᠢᠨ ᠡᠯ᠎ᠡ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠠᠮᠲᠤ ᠶᠢᠨ ᠴᠢᠷᠮᠠᠶᠢᠯᠭ᠎ᠠ ᠠᠴᠠ ᠪᠣᠯᠤᠭᠰᠠᠨ ᠪᠥᠭᠡᠳ ᠡᠯ᠎ᠡ ᠰᠠᠯᠠᠭ᠎ᠠ ᠮᠥᠴᠢᠷ ᠤᠨ ᠦᠨᠡᠨᠴᠢ ᠢᠲᠡᠭᠡᠮᠵᠢ ᠶᠢᠨ ᠠᠵᠢᠯ ᠢ ᠴᠥᠬᠦᠷᠡᠰᠢ ᠦᠭᠡᠢ ᠠᠳᠬᠤᠭᠰᠠᠨ ᠠᠴᠠ ᠪᠣᠯᠤᠭᠰᠠᠨ ᠶᠤᠮ᠃ ᠡᠯ᠎ᠡ ᠱᠠᠩᠨᠠᠯ ᠣᠯᠤᠭᠰᠠᠨ ᠡᠵᠡᠩᠨᠡᠯᠲᠡ ᠶᠢᠨ ᠨᠢᠭᠡᠴᠡ ᠪᠣᠯᠤᠨ ᠬᠤᠪᠢ ᠬᠥᠮᠦᠨ ᠢᠷᠠᠭᠤ ᠠᠯᠳᠠᠷ ᠢᠶᠠᠨ ᠬᠤᠪᠢ ᠲᠠᠬᠢᠨ ᠨᠠᠨᠳᠢᠩᠨᠠᠵᠤ᠂ ᠲᠡᠷᠢᠭᠦᠨ ᠤ ᠨᠡᠶᠢᠲᠡᠯᠢᠭ  ᠵᠢᠱᠢᠶ᠎ᠡ ᠶᠢᠨ ᠵᠥᠪ ᠲᠠᠯ᠎ᠠ ᠠᠴᠠ ᠬᠦᠳᠦᠯᠦᠨ ᠵᠢᠯᠣᠭᠤᠳᠬᠤ ᠪᠠ ᠵᠢᠱᠢᠶ᠎ᠡ ᠦᠵᠡᠭᠦᠯᠵᠦ ᠦᠯᠢᠬᠡᠷ ᠳᠠᠭᠤᠷᠢᠶᠠᠯ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠡᠨᠴᠢ ᠢᠲᠡᠭᠡᠮᠵᠢᠲᠡᠢ ᠪᠠᠷ ᠬᠥᠭᠵᠢᠬᠦ ᠵᠣᠷᠢᠭ ᠢᠶᠠᠨ ᠪᠠᠲᠤᠳᠬᠠᠵᠤ᠂ ᠦᠨᠡᠨᠴᠢ ᠪᠠᠷ ᠬᠤᠳᠠᠯᠳᠤᠭ᠎ᠠ ᠡᠷᠬᠢᠯᠡᠵᠦ᠂ ᠦᠨᠡᠨᠴᠢ ᠪᠠᠷ ᠪᠤᠰᠤᠳ ᠲᠤ ᠬᠠᠨᠳᠤᠵᠤ᠂ ᠦᠨᠡᠨᠴᠢ ᠢᠲᠡᠭᠡᠮᠵᠢᠲᠡᠢ ᠪᠠᠷ ᠨᠡᠶᠢᠭᠡᠮ ᠳᠤ ᠰᠠᠭᠤᠷᠢᠯᠠᠵᠤ᠂ ᠦᠨᠡᠨᠴᠢ ᠢᠲᠡᠭᠡᠮᠵᠢᠲᠡᠢ ᠪᠠᠷ ᠬᠥᠭᠵᠢᠯᠲᠡ ᠶᠢ ᠡᠷᠢᠯᠬᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
        ᠬᠦᠬᠢᠬᠦᠯᠦᠭᠳᠡᠨ ᠰᠠᠶᠢᠰᠢᠶᠠᠭᠳᠠᠭᠰᠠᠨ ᠬᠡᠰᠡᠭ ᠠᠵᠤ ᠠᠬᠤᠶᠢᠯᠠᠯ       ᠬᠤᠷᠠᠯ ᠳᠡᠭᠡᠷ᠎ᠡ ᠰᠣᠩᠭᠤᠨ ᠲᠠᠨᠢᠯᠴᠠᠭᠤᠯᠤᠭᠰᠠᠨ ᠪᠠᠶᠢᠳᠠᠯ ᠢ ᠲᠠᠨᠢᠯᠴᠠᠭᠤᠯᠪᠠ ᡽ ︽2020 ᠣᠨ ᠤ ︿ᠪᠣᠯᠪᠠᠰᠤᠨ ᠦᠨᠡᠨᠴᠢ ᠢᠲᠡᠭᠡᠮᠵᠢᠲᠡᠢ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ﹀ ︽ᠪᠣᠯᠪᠠᠰᠤᠨ ᠦᠨᠡᠨᠴᠢ ᠢᠲᠡᠭᠡᠮᠵᠢᠲᠡᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ︾ ︽ᠦᠨᠡᠨᠴᠢ ᠢᠲᠡᠭᠡᠮᠵᠢᠲᠡᠢ ᠡᠵᠡᠩᠨᠡᠯᠲᠡ ᠶᠢᠨ  ᠵᠢᠱᠢᠶ᠎ᠡ ᠦᠵᠡᠭᠦᠯᠬᠦ ᠳᠡᠯᠭᠡᠭᠦᠷ︾ ᠢ ᠬᠥᠬᠢᠭᠦᠯᠦᠨ ᠰᠠᠶᠢᠰᠢᠶᠠᠬᠤ ᠲᠤᠬᠠᠢ ᠲᠣᠭᠲᠠᠭᠠᠯ︾ ᠢ ᠤᠩᠰᠢᠨ ᠨᠡᠶᠢᠲᠡᠯᠡᠪᠡ᠃ ᠬᠥᠬᠢᠭᠦᠯᠦᠨ ᠰᠠᠶᠢᠰᠢᠶᠠᠭᠳᠠᠭᠰᠠᠨ ᠪᠣᠯᠪᠠᠰᠤᠨ ᠦᠨᠡᠨᠴᠢ ᠢᠲᠡᠭᠡᠮᠵᠢᠲᠡᠢ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠪᠣᠯᠪᠠᠰᠤᠨ ᠦᠨᠡᠨᠴᠢ ᠢᠲᠡᠭᠡᠮᠵᠢᠲᠡᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠬᠢᠯᠪᠠᠷ ᠪᠤᠰᠤ ᠪᠠᠷ ᠢᠷᠡᠭᠰᠡᠨ ᠢᠷᠠᠭᠤ ᠠᠯᠳᠠᠷ ᠢᠶᠠᠨ ᠨᠠᠨᠳᠢᠩᠨᠠᠵᠤ᠂ ᠬᠤᠶᠢᠰᠢᠳᠠ ᠶᠢᠨ ᠡᠵᠡᠩᠨᠡᠯᠲᠡ ᠶᠢᠨ ᠠᠵᠢᠯᠯᠠᠭ᠎ᠠ ᠳᠤᠮᠳᠠ ᠪᠠᠨ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠵᠤ ᠂ ᠦᠨᠡᠨᠴᠢ ᠢᠲᠡᠭᠡᠮᠵᠢᠲᠡᠢ ᠪᠠᠶᠢᠵᠤ᠂ ᠡᠷᠬᠡ ᠲᠡᠭᠰᠢ ᠪᠠᠷ ᠥᠷᠢᠰᠥᠯᠳᠦᠵᠦ᠂ ᠦᠢᠯᠡᠰ ᠪᠤᠰᠬᠠᠵᠤ ᠰᠢᠨ᠎ᠡ ᠶᠢ ᠡᠭᠦᠳᠴᠦ᠂ ᠪᠡᠶ᠎ᠡ ᠪᠠᠨ ᠱᠠᠭᠠᠷᠳᠠᠨ ᠥᠪᠡᠷ ᠢ ᠪᠠᠨ ᠬᠦᠴᠦᠷᠬᠡᠭᠵᠢᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠨᠡᠶᠢᠭᠡᠮ ᠳᠤ ᠠᠴᠢ ᠬᠠᠷᠢᠭᠤᠯᠤᠨ᠎ᠠ ᠭᠡᠵᠦ ᠢᠯᠡᠳᠬᠡᠪᠡ᠃
           ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠠᠬᠤᠶ ᠲᠠᠯᠠᠪᠠᠢ
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号