ᠬᠤᠲᠠ ᠶᠢᠨ ᠵᠠᠰᠠᠭ ᠤᠨ ᠣᠷᠳᠣᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ︵ᠶᠠᠷᠢᠯᠴᠠᠬᠤ ᠨᠣᠤᠷᠠᠭ︶ ᠤᠨ ᠰᠠᠨᠠᠯ ᠢ ᠬᠤᠷᠢᠶᠠᠪᠠ
ᠨᠡᠶᠢᠲᠡᠯᠡᠭᠰᠡᠨ ᠴᠠᠭ᠄
2021/3/2
     3 ᠰᠠᠷ᠎ᠠ ᠶᠢᠨ 1 ᠤ ᠡᠳᠦᠷ᠂ ᠬᠤᠲᠠ ᠶᠢᠨ ᠵᠠᠰᠠᠭ ᠤᠨ ᠣᠷᠳᠣᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ︵ᠶᠠᠷᠢᠯᠴᠠᠬᠤ ᠨᠣᠤᠷᠠᠭ︶ ᠤᠨ ᠰᠠᠨᠠᠯ ᠬᠤᠷᠢᠶᠠᠬᠤ ᠬᠤᠷᠠᠯ ᠬᠤᠷᠠᠯᠳᠤᠭᠤᠯᠪᠠ᠃
     ᠬᠤᠲᠠ ᠶᠢᠨ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠠᠩ ᠴᠦᠨ ᠬᠤᠷᠠᠯ ᠡᠷᠭᠢᠯᠡᠪᠡ᠃ ᠬᠤᠳᠠ ᠶᠢᠨ ᠳᠡᠳ᠋ ᠳᠠᠷᠤᠭ᠎ᠠ ᠴᠣᠭᠵᠢᠯ᠂ ᠭᠦᠸᠧ ᠫᠢᠩ ᠸᠠᠩ᠂ ᠱᠤᠤ ᠱᠢ ᠴᠢᠶᠠᠩ ᠵᠢᠴᠢ ᠬᠥᠭᠵᠢᠭᠦᠯᠦᠯᠲᠡ ᠥᠭᠡᠷᠡᠴᠢᠯᠡᠯᠲᠡ᠂ ᠰᠤᠷᠭᠠᠨ ᠬᠥᠮᠦᠵᠢᠯ ᠤᠨ ᠰᠠᠯᠠᠭ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠬᠠᠷᠢᠭᠤᠴᠠᠯᠭᠠᠲᠠᠨ ᠠᠴᠠ ᠢᠯᠡᠳᠬᠡᠯ ᠢ ᠲᠤᠭᠤᠷᠪᠢᠬᠤ ᠠᠵᠢᠯ ᠤᠨ ᠲᠤᠬᠠᠢ ᠲᠣᠪᠴᠢ ᠲᠣᠳᠣᠷᠬᠠᠶᠢᠯᠠᠯᠲᠠ ᠬᠢᠵᠡᠢ᠃     ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠢᠯᠡᠳᠬᠡᠯ ᠤᠨ ᠠᠭᠤᠯᠭ᠎ᠠ ᠨᠢ ᠪᠥᠬᠦ ᠲᠠᠯ᠎ᠠ ᠶᠢᠨ ᠪᠥᠭᠡᠳ ᠪᠤᠰᠤᠳᠴᠢ᠂ ᠡᠮᠬᠢ ᠴᠡᠭᠴᠡ ᠲᠠᠢ᠂ ᠭᠤᠤᠯᠳᠠᠯᠭ᠎ᠠ ᠶᠢ ᠳᠣᠪᠤᠶᠢᠯᠭᠠᠵᠤ᠂ ᠡᠨᠡ ᠵᠢᠯ ᠤᠨ ᠠᠵᠢᠯ ᠤᠨ ᠬᠥᠭᠵᠢᠯᠲᠡ ᠶᠢᠨ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠲᠣᠭᠲᠠᠭᠠᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠶᠤᠮ ᠭᠡᠵᠡᠶ᠃ ᠬᠤᠷᠠᠯ ᠳᠤ ᠣᠷᠣᠯᠴᠠᠭᠰᠠᠳ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠪᠥᠬᠦ ᠣᠷᠣᠨ ᠪᠦᠰᠡ ᠶᠢᠨ ᠵᠢᠭᠤᠯᠴᠢᠯᠠᠯ ᠢ ᠠᠬᠢᠭᠤᠯᠬᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠠᠬᠢᠭᠤᠯᠬᠤ ᠵᠡᠷᠭᠡ ᠣᠯᠠᠨ ᠲᠠᠯ᠎ᠠ ᠪᠠᠷ ᠲᠣᠰ ᠲᠣᠰ ᠵᠠᠰᠠᠪᠤᠷᠢ ᠣᠷᠣᠭᠤᠯᠬᠤ ᠰᠠᠨᠠᠯ ᠪᠠ ᠰᠠᠨᠠᠭᠤᠯᠭ᠎ᠠ ᠳᠤᠷᠠᠳᠪᠠ᠃     ᠯᠢᠦ ᠴᠠᠩ ᠴᠦᠨ ᠱᠠᠭᠠᠷᠳᠠᠭᠰᠠᠨ ᠨᠢ᠂ ᠠᠯᠪᠠᠨ ᠭᠡᠷ ᠤᠨ ᠬᠢᠨ ᠤᠯᠠᠨ ᠤ ᠳᠤᠷᠠᠳᠤᠭᠰᠠᠨ ᠰᠠᠨᠠᠯ ᠢ ᠨᠠᠷᠢᠨ ᠬᠢᠨᠠᠮᠠᠭᠠᠢ ᠬᠤᠷᠢᠶᠠᠩᠭᠤᠶᠢᠯᠠᠨ ᠡᠮᠬᠢᠳᠬᠡᠵᠦ᠂ ᠴᠢᠨᠠᠭᠰᠢᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ︵ᠶᠠᠷᠢᠯᠴᠠᠬᠤ ᠨᠤᠤᠷᠠᠭ︶ ᠤᠨ ᠠᠭᠤᠯᠭ᠎ᠠ ᠶᠢ ᠨᠡᠩ ᠨᠠᠷᠢᠨ ᠪᠣᠳᠠᠲᠠᠢ ᠪᠣᠯᠭᠠᠵᠤ᠂ ᠪᠣᠭᠤᠮᠲᠠ ᠶᠢᠨ ᠪᠣᠳᠠᠲᠤ ᠪᠠᠶᠢᠳᠠᠯ ᠢ ᠨᠡᠩ ᠰᠠᠶᠢᠲᠤᠷ ᠲᠤᠰᠬᠠᠵᠤ᠂ ᠠᠷᠠᠳ ᠤᠯᠠᠨ ᠤ ᠬᠦᠰᠡᠯ ᠡᠷᠡᠮᠡᠯᠵᠡᠯ ᠳᠤ ᠨᠡᠩ ᠨᠡᠶᠢᠴᠡᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠢᠲᠡᠭᠡᠯ ᠵᠣᠷᠢᠭ ᠢ ᠬᠥᠪᠴᠢᠯᠡᠬᠦ᠂ ᠬᠥᠭᠵᠢᠯᠲᠡ ᠶᠢ ᠬᠦᠳᠦᠯᠦᠨ ᠳᠠᠭᠠᠭᠤᠯᠬᠤ ᠴᠢᠨᠠᠷ ᠰᠠᠶᠢᠲᠠᠢ ᠮᠡᠳᠡᠭᠦᠯᠦᠯᠲᠡ ᠶᠢ ᠪᠦᠷᠢᠯᠳᠦᠭᠦᠯᠬᠦ ᠪᠠᠷ ᠴᠢᠷᠮᠠᠶᠢᠵᠤ᠂ ᠪᠦᠬᠦ ᠬᠤᠳᠠ ᠶᠢᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号