ᠬᠤᠸᠠᠩ ᠶᠠ ᠯᠢ ᠮᠠᠨ ᠤ ᠬᠤᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/3/2
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠨᠡᠷ ᠮᠠᠨ ᠤ ᠬᠤᠲᠠ ᠳᠤ ᠢᠷᠡᠵᠦ ᠰᠤᠷᠭᠠᠭᠤᠯᠢ ᠶᠢᠨ ᠰᠤᠷᠭᠠᠨ ᠬᠥᠮᠦᠵᠢᠯ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢᠦ ᡁᠢ ᠫᠢᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠠᠩ ᠴᠦᠨ᠂ ᠬᠤᠲᠠ ᠶᠢᠨ ᠳᠡᠳ᠋ ᠳᠠᠷᠤᠭ᠎ᠠ ᠴᠣᠭᠵᠢᠯ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
    ᠬᠤᠳᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠳᠤ᠂ ᠬᠤᠸᠠᠩ ᠶᠠ ᠯᠢ ᠮᠠᠨ ᠤ ᠬᠤᠳᠠ ᠶᠢᠨ ᠦᠨᠳᠦᠰᠦᠲᠡᠨ ᠤ ᠬᠡᠯᠡᠨ ᠤ ᠰᠤᠷᠭᠠᠭᠤᠯᠢ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠠᠭᠰᠢ ᠶᠢᠨ ᠲᠥᠯᠥᠭᠡᠯᠡᠭᠴᠢ ᠪᠣᠯᠤᠨ ᠰᠤᠷᠤᠭᠴᠢᠳ ᠤᠨ ᠭᠡᠷ ᠤᠨ ᠠᠬᠠᠮᠠᠳ ᠤᠨ ᠲᠥᠯᠥᠭᠡᠯᠡᠭᠴᠢ ᠲᠠᠢ ᠶᠠᠷᠢᠯᠴᠠᠨ ᠰᠣᠯᠢᠯᠴᠠᠵᠤ᠂ ᠲᠡᠳᠡᠨ ᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠠᠢ᠃
    ᠬᠤᠸᠠᠩ ᠶᠠ ᠯᠢ ᠮᠠᠨ ᠤ ᠬᠤᠲᠠ ᠶᠢᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠳᠤᠮᠳᠠᠬᠢ ᠡᠮᠦᠨᠡᠬᠢ ᠬᠤᠭᠤᠴᠠᠭᠠᠨ ᠤ ᠪᠡᠯᠡᠳᠬᠡᠯ ᠪᠠ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ  ᠬᠦᠢᠴᠡᠳ ᠨᠤᠲᠠᠯᠠᠪᠠ᠃ ᠲᠡᠷᠡ ᠬᠡᠯᠡᠬᠦ ᠳᠡᠭᠡᠨ᠂ ᠡᠷᠢᠶᠡᠨ ᠬᠤᠲᠠ ᠨᠢ ᠪᠥᠬᠦ ᠣᠷᠣᠨ ᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠲᠤᠷᠰᠢᠯᠲᠠ ᠶᠢᠨ ᠭᠠᠵᠠᠷ ᠣᠷᠣᠨ ᠪᠣᠯᠤᠭᠰᠠᠨ ᠤ ᠬᠤᠪᠢ ᠳᠤ᠂ ᠵᠢᠱᠢᠶᠡᠴᠢ ᠪᠠᠷ ᠳᠠᠶᠢᠴᠢᠯᠠᠬᠤ  ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠤᠷᠢᠳᠠᠪᠠᠷ ᠨᠢᠭᠡ ᠠᠯᠬᠤᠮ ᠬᠢᠵᠦ᠂ ᠪᠥᠬᠦ ᠣᠷᠣᠨ ᠤ ᠡᠯ᠎ᠡ ᠭᠠᠵᠠᠷ ᠲᠤ ᠵᠢᠱᠢᠶ᠎ᠡ ᠦᠵᠡᠭᠦᠯᠬᠦ ᠪᠠ ᠥᠯᠢᠭᠡᠷ ᠳᠠᠭᠤᠷᠢᠶᠠᠯ ᠦᠵᠡᠭᠦᠯᠵᠦ᠂ ᠡᠮᠦᠨ᠎ᠡ ᠡᠩᠨᠡᠭᠡᠨ ᠳᠤ ᠶᠠᠪᠤᠵᠤ ᠪᠠᠶᠢᠨ᠎ᠠ ᠭᠡᠵᠡᠶ᠃     ᠬᠤᠸᠠᠩ ᠶᠠ ᠯᠢ ᠵᠢᠭᠠᠵᠤ ᠭᠠᠷᠭᠠᠭᠰᠠᠨ ᠨᠢ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠬᠡᠷᠡᠭᠵᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠥᠬᠦ ᠲᠠᠯ᠎ᠠ ᠳᠤ ᠰᠠᠭᠤᠷᠢᠯᠠᠨ ᠭᠠᠷᠭᠠᠭᠰᠠᠨ ᠴᠢᠬᠤᠯᠠ ᠰᠢᠢᠳᠪᠣᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠶᠣᠰᠣ ᠮᠣᠷᠠᠯ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠦᠨᠳᠦᠰᠦ ᠶᠢ ᠪᠠᠬᠢᠵᠢᠭᠦᠯᠬᠦ ᠢᠨᠵᠧᠨᠧᠷᠢᠩ ᠮᠥᠨ᠂ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠮᠥᠨ᠂ ᠡᠨᠡ ᠨᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠡᠷᠡ᠂ ᠡᠷᠢᠶᠡᠨ ᠬᠤᠳᠠ ᠶᠢᠨ ᠬᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠤᠯᠠᠮ ᠴᠢᠨᠠᠭᠰᠢᠳᠠ ᠲᠠᠨᠢᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠡᠨᠡᠬᠦ ᠤᠯᠤᠰ ᠲᠦᠷᠦ ᠶᠢᠨ ᠡᠭᠦᠷᠭᠡ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ 3 ᠰᠠᠷ᠎ᠠ ᠳᠤ ᠭᠤᠷᠪᠠᠨ ᠲᠦᠷᠦᠯ ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ᠨᠠᠮ ᠤᠨ ᠭᠡᠰᠢᠭᠦᠨ ᠺᠠᠳ᠋ᠷ ᠲᠦᠷᠦᠭᠦᠯᠡᠨ ᠦᠢᠯᠡᠳᠦᠯ ᠢᠶᠠᠨ ᠪᠠᠳᠠᠷᠠᠭᠤᠯᠵᠤ᠂ ᠥᠷᠭᠡᠨ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠲᠣᠳᠣᠷᠬᠠᠢ ᠲᠠᠶᠢᠯᠪᠤᠷᠢᠯᠠᠵᠤ᠂ ᠲᠣᠳᠣᠷᠬᠠᠢ ᠲᠠᠶᠢᠯᠪᠤᠷᠢᠯᠠᠵᠤ᠂ ᠡᠯ᠎ᠡ ᠵᠦᠢᠯ ᠤᠨ ᠠᠵᠢᠯ ᠤᠨ ᠠᠷᠭ᠎ᠠ  ᠬᠡᠮᠵᠢᠶ᠎ᠡ ᠶᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠢ︔ ᠰᠤᠷᠭᠠᠨ ᠬᠥᠮᠦᠵᠢᠯ ᠤᠨ ᠰᠢᠰᠲ᠋ᠧᠮ ᠪᠣᠯᠤᠨ ᠥᠷᠭᠡᠨ ᠤᠯᠠᠨ ᠪᠠᠭᠰᠢ ᠨᠠᠷ ᠲᠤᠭ ᠲᠡᠮᠳᠡᠭ ᠲᠣᠳᠣᠷᠬᠠᠢ᠂ ᠥᠴᠦᠬᠡᠨ ᠴᠦ ᠭᠤᠶᠢᠪᠢᠰᠢ ᠦᠭᠡᠢ ᠪᠠᠷ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠵᠤ᠂ ᠵᠢᠭᠠᠨ ᠰᠤᠷᠭᠠᠯᠲᠠ ᠶᠢᠨ ᠲᠥᠰᠦᠯ ᠢ ᠤᠯᠠᠮ ᠴᠢᠨᠠᠭᠰᠢᠳᠠ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠠᠲᠤᠯᠠᠵᠤ᠂ ᠬᠡᠦᠬᠡᠳ ᠤᠳ ᠲᠤ ᠰᠠᠶᠢᠨ ᠰᠠᠶᠢᠬᠠᠨ ᠰᠤᠷᠤᠯᠴᠠᠵᠤ ᠦᠰᠦᠨ ᠪᠤᠶᠢᠵᠢᠬᠤ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ᠃     ᠯᠢᠦ ᡁᠢ ᠫᠢᠩ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠤᠷᠳᠤ ᠬᠤᠭᠤᠴᠠᠭᠠᠨ ᠤ ᠲᠤᠷᠰᠢ ᠡᠷᠢᠶᠡᠨ ᠬᠤᠳᠠ ᠳᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠳᠣᠤᠷ᠎ᠠ᠂ ᠡᠷᠢᠶᠡᠨ ᠬᠤᠲᠠ ᠶᠢᠨ ᠬᠢᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠣᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢᠶᠠᠨ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠡᠯ᠎ᠡ ᠱᠠᠲᠤ ᠦᠶ᠎ᠡ ᠶᠢᠨ ᠬᠠᠷᠠᠯᠲᠠ ᠡᠭᠦᠷᠭᠡ ᠪᠠᠨ ᠲᠡᠷᠡ ᠬᠡᠪ ᠢᠶᠠᠷ ᠨᠢ ᠪᠡᠶᠡᠯᠡᠭᠦᠯᠵᠦ᠂ 3 ᠳ᠋ᠤᠭᠠᠷ ᠰᠠᠷ᠎ᠠ ᠳᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃
    ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠬᠤᠸᠠᠩ ᠶᠠ ᠯᠢ ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠬᠡᠷ᠂ ᠪᠠᠶᠢᠷᠢ᠂ ᠬᠤᠭᠤᠯᠠᠨ ᠬᠡᠷ ᠵᠡᠷᠭᠡ ᠭᠠᠵᠠᠷ ᠲᠤ ᠬᠦᠷᠴᠦ᠂ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠪᠠ ᠰᠤᠷᠤᠭᠴᠢᠳ ᠤᠨ ᠬᠤᠨᠤᠭ᠂ ᠬᠤᠭᠤᠯᠠ ᠤᠮᠳᠠᠭᠠᠨ ᠤ ᠨᠥᠬᠦᠴᠡᠯ ᠢ ᠨᠠᠷᠢᠨ ᠣᠶᠢᠯᠠᠭᠠᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号