| | ︽3.23 ᠤ ᠳᠡᠯᠡᠬᠡᠢ ᠶᠢᠨ ᠴᠠᠭ ᠠᠭᠤᠷ ᠤᠨ ᠡᠳᠦᠷ︾ ᠢ ᠳᠤᠷᠠᠰᠬᠠᠵᠤ᠂ ᠰᠤᠷᠭᠠᠭᠤᠯᠢ ᠶᠢᠨ ᠬᠦᠷᠢᠶᠡᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠴᠠᠭ ᠠᠭᠤᠷ ᠤᠨ ᠮᠡᠳᠡᠯᠭᠡ ᠶᠢ ᠲᠦᠭᠡᠮᠡᠯᠵᠢᠭᠦᠯᠵᠦ᠂ ᠰᠢᠨᠵᠢᠯᠡᠬᠦ | ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠳᠣᠯᠠᠳᠠ᠂ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ᠂ ᠴᠠᠭ ᠠᠭᠤᠷ ᠤᠨ ᠳᠣᠪᠴᠢᠶ᠎ᠠ ᠬᠠᠮᠲᠤᠷᠠᠨ ᠬᠠᠭᠤᠯᠤᠮᠠᠯ ᠰᠣᠨᠢᠨ ᠤ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠦᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠪᠡ᠃ ᠮᠣᠩᠭᠤᠯ | ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠡᠯ᠎ᠡ ᠣᠨ ᠳᠤ ᠨᠡᠶᠢᠲᠡ 63 ᠰᠣᠷᠣᠭᠴᠢ ᠲᠣᠰ ᠠᠵᠢᠯᠯᠠᠭ᠎ᠠ ᠳᠤ ᠣᠷᠣᠯᠴᠠᠵᠤ᠂ | ᠰᠤᠷᠤᠭᠴᠢᠳ ᠡᠩ ᠤᠨ ᠦᠶ᠎ᠡ ᠶᠢᠨ ᠰᠣᠷᠣᠭᠰᠠᠨ ᠴᠠᠭ ᠠᠭᠤᠷ ᠤᠨ ᠮᠡᠳᠡᠯᠭᠡ ᠲᠠᠢ ᠪᠠᠨ ᠤᠶᠠᠯᠳᠤᠭᠤᠯᠤᠨ᠂ ᠵᠣᠷᠢᠭᠲᠠᠶ ᠪᠠᠷ | ᠰᠡᠳᠬᠢᠵᠦ᠂ ᠬᠦᠢᠴᠡᠳ ᠲᠥᠰᠦᠭᠡᠯᠡᠨ ᠪᠤᠳᠤᠵᠤ᠂ ᠰᠣᠯᠣᠩᠭᠠᠷᠠᠭᠰᠠᠨ ᠥᠩᠭᠡ ᠪᠤᠳᠤᠭ ᠢᠶᠠᠷ ᠨᠢᠳᠦᠨ ᠳᠠᠬᠢ ᠣᠯᠠᠨ | ᠵᠦᠢᠯ ᠤᠨ ᠠᠭᠤᠷ ᠠᠮᠢᠰᠬᠤᠯ ᠢ ᠠᠮᠢᠳᠤᠯᠢᠭ ᠢᠶᠠᠷ ᠵᠢᠷᠤᠭᠯᠠᠵᠠᠶ᠃ | | | | | ᠠᠬᠤᠢ ᠲᠠᠯᠠᠪᠠᠢ | | ᠠᠵᠢᠯᠯᠠᠭ᠎ᠠ ᠶᠢᠨ ᠳᠤᠮᠳᠠ᠂ ᠰᠤᠷᠤᠭᠴᠢᠳ 2021 ᠣᠨ ᠤ ᠳᠡᠯᠡᠬᠡᠶ ᠶᠢᠨ ᠴᠠᠭ ᠠᠭᠤᠷ ᠤᠨ ᠡᠳᠦᠷ ︽ᠲᠡᠯᠡᠶ | ᠲᠠᠩᠭᠢᠰ᠂ ᠪᠢᠳᠡᠨ ᠤ ᠠᠭᠤᠷ ᠠᠮᠢᠰᠬᠤᠯ ᠪᠠ ᠴᠠᠭ ᠠᠭᠤᠷ︾ ᠭᠡᠬᠦ ᠭᠤᠣᠯ ᠰᠡᠳᠦᠪ ᠤᠨ ᠲᠣᠭᠤᠷᠢᠨ ᠳᠤ ᠭᠠᠷ ᠢᠶᠠᠷ | ᠬᠠᠭᠤᠯᠵᠤ ᠵᠣᠬᠢᠶᠠᠨ ᠪᠦᠲᠦᠭᠡᠪᠡ᠃ ᠡᠭᠦᠨ ᠤ ᠭᠤᠣᠯ ᠠᠭᠤᠯᠭ᠎ᠠ ᠳᠤ᠄ ᠳᠡᠯᠡᠬᠡᠶ ᠶᠢᠨ ᠴᠠᠭ ᠠᠭᠤᠷ ᠤᠨ ᠡᠳᠦᠷ ᠤᠨ | ᠢᠷᠡᠯᠳᠡ ᠪᠠ ᠥᠩᠭᠡᠷᠡᠭᠰᠡᠨ ᠵᠢᠯ ᠤᠳ ᠤᠨ ᠭᠤᠣᠯ ᠰᠡᠳᠦᠪ᠂ ᠬᠤᠷᠢᠨ ᠲᠦᠷᠪᠡᠨ ᠴᠠᠭ ᠤᠯᠠᠷᠢᠯ᠂ ᠴᠠᠭ ᠠᠭᠤᠷ ᠤᠨ | ᠮᠡᠳᠡᠯᠭᠡ᠂ ᠴᠠᠭ ᠠᠭᠤᠷ ᠤᠨ ᠵᠦᠢᠷ ᠦᠭᠡ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠪᠠ ᠠᠭᠤᠷ ᠠᠮᠢᠰᠬᠤᠯ ᠤᠨ ᠬᠤᠪᠢᠷᠠᠯᠲᠠ᠂ ᠭᠠᠮᠰᠢᠭᠲᠤ ᠴᠠᠭ ᠠᠭᠤᠷ ᠤᠨ ᠰᠡᠷᠭᠡᠶᠢᠯᠡᠯᠲᠡ ᠶᠢᠨ ᠵᠢᠵᠢᠭ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠪᠣᠯᠤᠨ᠎ᠠ᠃ ᠬᠠᠭᠤᠯᠤᠮᠠᠯ ᠰᠣᠨᠢᠨ ᠤ ᠪᠦᠲᠦᠭᠡᠯ ᠢ ᠮᠣᠩᠭᠤᠯ ᠬᠢᠲᠠᠳ | ᠬᠤᠤᠰ ᠬᠡᠯᠡ ᠪᠠᠷ ᠵᠣᠬᠢᠶᠠᠨ ᠪᠦᠲᠦᠭᠡᠵᠦ᠂ ᠵᠢᠷᠤᠭ ᠥᠰᠥᠭ ᠤᠶᠠᠯᠳᠤᠨ᠂ ᠥᠩᠭᠡ ᠪᠤᠳᠤᠭ ᠥᠳᠬᠡᠨ᠂ ᠤᠷᠮ᠎ᠠ | ᠰᠣᠨᠢᠷᠬᠠᠯ ᠲᠡᠭᠦᠯᠳᠡᠷ ᠪᠠᠶᠢᠵᠤ᠂ ᠴᠠᠭ ᠠᠭᠤᠷ ᠤᠨ ᠰᠢᠨᠵᠢᠯᠡᠬᠦ ᠤᠬᠠᠭᠠᠨ ᠢ ᠵᠢᠷᠤᠭ ᠲᠤ ᠲᠦᠭᠡᠮᠡᠯᠵᠢᠭᠦᠯᠬᠦ ᠶᠢ ᠠᠬᠤᠭᠤᠯᠵᠤ᠂ | ᠬᠥᠮᠦᠰ ᠲᠤ ᠭᠦᠨ ᠰᠠᠭᠤᠭᠳᠠᠯ ᠦᠯᠡᠳᠡᠭᠡᠳᠡᠭ᠃ ᠤᠷᠤᠯᠳᠤᠭᠠᠨ ᠤ ᠰᠢᠯᠭᠠᠷᠠᠭᠤᠯᠤᠯᠲᠠ ᠶᠢᠨ ᠳᠤᠭᠤᠶᠢᠯᠠᠩ ᠤᠨ ᠨᠠᠷᠢᠨ | ᠬᠢᠨᠠᠮᠠᠭᠠᠶ ᠰᠢᠯᠭᠠᠷᠠᠭᠤᠯᠤᠯᠲᠠ ᠪᠠᠷ ᠳᠡᠮᠵᠢᠨ᠂ ᠨᠡᠶᠢᠲᠡ 14 ᠪᠦᠲᠦᠭᠡᠯ ᠱᠠᠩᠨᠠᠯ ᠭᠥᠷᠳᠡᠭᠰᠡᠨ ᠪᠠᠶᠢᠨ᠎ᠠ᠃ ᠲᠣᠰ ᠤᠳᠠᠭᠠᠨ ᠤ | ᠠᠵᠢᠯᠯᠠᠭ᠎ᠠ ᠶᠢ ᠥᠷᠨᠢᠭᠦᠯᠦᠭᠰᠡᠨ ᠨᠢ ᠰᠤᠷᠤᠭᠴᠢᠳ ᠤᠨ ᠠᠮᠢ ᠠᠬᠤᠶ ᠶᠢᠨ ᠪᠣᠯᠪᠠᠰᠤᠨ ᠤ ᠤᠬᠠᠮᠰᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠲᠡᠳᠡᠨ ᠤ ᠴᠠᠭ ᠠᠭᠤᠷ ᠠᠭᠤᠷ ᠠᠮᠢᠰᠬᠤᠯ ᠪᠠ ᠴᠠᠭ ᠠᠭᠤᠷ ᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠮᠡᠳᠡᠯᠭᠡ ᠶᠢᠨ ᠠᠩᠬᠠᠷᠤᠯ ᠢ ᠨᠡᠮᠡᠭᠳᠡᠭᠦᠯᠦᠨ᠂ ᠪᠠᠭᠰᠢ ᠰᠤᠷᠤᠭᠴᠢᠳ ᠤᠨ ᠴᠠᠭ ᠠᠭᠤᠷ ᠤᠨ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠬᠦ ᠳᠤ ᠢᠳᠡᠪᠬᠢᠲᠡᠶ | ᠦᠢᠯᠡᠳᠦᠯ ᠲᠠᠢ ᠶᠤᠮ᠃ | | | | | | ᠬᠠᠭᠤᠯᠤᠮᠠᠯ ᠰᠣᠨᠢᠨ | | | ᠠᠵᠢᠯᠲᠠᠳ ᠪᠣᠯᠤᠨ ᠪᠠᠭᠰᠢ ᠨᠠᠷ ᠰᠤᠷᠤᠭᠴᠢ ᠶᠢᠨ ᠪᠦᠲᠦᠭᠡᠯ ᠢ ᠰᠣᠨᠢᠷᠬᠠᠨ᠎ᠠ᠃ | | ︽ᠮᠢᠨᠦ ᠪᠦᠲᠦᠭᠡᠯ ᠵᠢᠷᠤᠭ ᠪᠠ ᠦᠰᠦᠭ ᠪᠢᠴᠢᠭ ᠤᠨ ᠬᠡᠯᠪᠡᠷᠢ ᠪᠠᠷ ᠮᠠᠭᠤ ᠴᠠᠭ ᠠᠭᠤᠷ ᠤᠨ ᠬᠥᠮᠦᠨ | ᠲᠥᠷᠥᠯᠬᠢᠲᠡᠨ ᠳᠤ ᠦᠵᠡᠭᠦᠯᠬᠦ ᠨᠥᠯᠥᠭᠡ ᠶᠢ ᠳᠣᠪᠤᠶᠢᠯᠭᠠᠵᠤ᠂ ᠡᠭᠦᠨ ᠤ ᠤᠯᠠᠮ ᠠᠴᠠ ︿ᠣᠷᠴᠢᠨ ᠠᠬᠤᠶ ᠶᠢ ᠬᠠᠮᠠᠭᠠᠯᠠᠬᠤ﹀ | ᠶᠢᠨ ᠴᠢᠬᠤᠯᠠ ᠴᠢᠨᠠᠷ ᠢ ᠢᠯᠡᠷᠡᠭᠦᠯᠵᠦ᠂ ᠣᠯᠠᠨ ᠢ ᠵᠢᠵᠢᠭ ᠶᠠᠪᠤᠳᠠᠯ ᠠᠴᠠ ᠡᠬᠢᠯᠡᠨ ᠬᠢᠵᠦ᠂ ᠳᠡᠯᠡᠬᠡᠶ ᠶᠢᠨ ᠪᠥᠮᠪᠥᠷᠴᠡᠭ ᠢ | ᠬᠠᠮᠠᠭᠠᠯᠠᠨ᠂ ᠴᠠᠭ ᠠᠭᠤᠷ ᠢ ᠰᠠᠶᠢᠵᠢᠷᠠᠭᠤᠯᠵᠤ᠂ ᠨᠣᠭᠤᠭᠠᠨ ᠬᠦᠰᠡᠯ ᠢᠶᠠᠨ ᠪᠡᠶᠡᠯᠡᠭᠦᠯᠲᠦᠭᠡᠶ︾ ᠭᠡᠵᠦ ᠤᠷᠢᠶᠠᠯᠠᠵᠠᠶ ᠭᠡᠵᠦ | ᠬᠠᠭᠤᠯᠤᠮᠠᠯ ᠰᠣᠨᠢᠨ ᠢ ᠵᠣᠬᠢᠶᠠᠨ ᠪᠦᠳᠦᠬᠡᠭᠰᠡᠨ ᠨᠢᠭᠡᠳᠦᠭᠡᠷ ᠣᠨ ᠤ ᠨᠠᠮᠣᠨᠠ ᠰᠤᠷᠤᠭᠴᠢ ᠬᠡᠯᠡᠪᠡ᠃ | | | | | ᠱᠠᠩᠨᠠᠯ ᠣᠯᠤᠭᠰᠠᠨ ᠰᠤᠷᠤᠭᠴᠢᠳ ᠲᠤ ᠦᠨᠡᠮᠯᠡᠯ ᠣᠯᠭᠤᠬᠤ | | ᠣᠶᠢᠯᠠᠭᠠᠭᠰᠠᠨ ᠢᠶᠠᠷ᠂ ᠭᠠᠷ ᠢᠶᠠᠷ ᠬᠠᠭᠤᠯᠵᠤ ᠠᠳᠠᠯᠢᠳᠬᠠᠨ ᠰᠢᠯᠭᠠᠷᠠᠭᠤᠯᠬᠤ ᠪᠣᠯ ᠬᠤᠲᠠ ᠶᠢᠨ ᠴᠠᠭ | ᠠᠭᠤᠷ ᠤᠨ ᠰᠢᠰᠲ᠋ᠧᠮ ᠤᠨ 2021 ᠣᠨ ᠤ 3.23 ᠳᠡᠯᠡᠬᠡᠶ ᠶᠢᠨ ᠴᠠᠭ ᠠᠭᠤᠷ ᠤᠨ ᠡᠳᠦᠷ ᠢ ᠳᠤᠷᠠᠰᠬᠠᠬᠤ ᠰᠢᠷᠢᠰ | ᠠᠵᠢᠯᠯᠠᠭ᠎ᠠ ᠶᠢᠨ ᠨᠢᠭᠡ ᠪᠣᠯᠤᠨ᠎ᠠ᠃ ᠳᠡᠯᠡᠬᠡᠶ ᠶᠢᠨ ᠴᠠᠭ ᠠᠭᠤᠷ ᠤᠨ ᠡᠳᠦᠷ ᠤᠨ ᠬᠤᠭᠤᠴᠠᠭᠠᠨ ᠳᠤ᠂ ᠬᠤᠲᠠ ᠶᠢᠨ ᠴᠠᠭ | ᠠᠭᠤᠷ ᠤᠨ ᠲᠣᠪᠴᠢᠶ᠎ᠠ ᠦᠷᠭᠦᠯᠵᠢᠯᠡᠨ ︽ᠳᠡᠯᠭᠡᠨ ᠦᠵᠡᠭᠦᠯᠬᠦ᠂ ᠲᠠᠶᠢᠯᠪᠤᠷᠢᠯᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ | ᠴᠠᠭ ᠠᠭᠤᠷ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ | ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠰᠤᠮᠤ ᠳᠤ ᠣᠷᠣᠭᠤᠯᠬᠤ ᠴᠠᠭ ᠠᠭᠤᠷ ᠤᠨ | ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠴᠠᠭ | ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠪᠥᠬᠦ ᠲᠠᠯ᠎ᠠ ᠪᠠᠷ ᠤᠬᠠᠭᠤᠯᠵᠤ᠂ ᠴᠠᠭ | ᠠᠭᠤᠷ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠣᠯᠠᠨ | ᠲᠠᠯ᠎ᠠ ᠠᠴᠠ ᠬᠠᠷᠠᠭᠤᠯᠤᠨ᠎ᠠ᠃ | | |