︽ᠵᠠᠭᠤᠨ ᠵᠢᠯ ᠤᠨ ᠲᠡᠮᠡᠴᠡᠯ ᠤᠨ ᠰᠢᠨ᠎ᠡ ᠠᠶᠠᠨ ᠢᠶᠠᠨ ᠡᠬᠢᠯᠡᠭᠦᠯᠪᠡ︾ ᠡᠷᠢᠶᠡᠨ ᠬᠤᠲᠠ ᠶᠢᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠠᠳᠠᠯᠢ ᠬᠤᠭᠤᠴᠠᠭᠠᠨ ᠤ ᠬᠢ ᠠᠴᠠ 32 ᠡᠳᠦᠷ ᠤᠷᠢᠳᠴᠢᠯᠠᠨ 500 ᠴᠤᠪᠤᠭ᠎ᠠ ᠲᠡᠷᠭᠡ ᠶᠢ ᠳᠠᠪᠠᠪᠠ
ᠨᠡᠶᠢᠲᠡᠯᠡᠭᠰᠡᠨ ᠴᠠᠭ᠄
2021/3/24
    ᠡᠷᠢᠶᠡᠨ ᠬᠤᠳᠠ ᠶᠢᠨ ᠪᠣᠭᠤᠮᠲᠠ ᠪᠣᠯ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠬᠢᠯᠢ ᠠᠴᠠ ᠭᠠᠷᠬᠤ ᠵᠠᠩᠭᠢᠯᠠᠭ᠎ᠠ ᠶᠢᠨ ᠴᠡᠭ ᠪᠣᠯᠤᠨ᠎ᠠ᠂ ᠡᠨᠡ ᠵᠢᠯ ᠠᠴᠠ ᠨᠠᠰᠢ ᠡᠷᠢᠶᠡᠨ ᠬᠤᠳᠠ ᠶᠢᠨ ᠪᠣᠭᠤᠮᠲᠠ ᠪᠠᠷ ᠥᠩᠭᠡᠷᠡᠬᠦ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠤᠭ᠎ᠠ ᠦᠷᠭᠦᠯᠵᠢᠯᠡᠨ ᠨᠡᠮᠡᠭᠳᠡᠵᠡᠢ᠃ 3 ᠰᠠᠷ᠎ᠠ ᠶᠢᠨ 19 ᠤ ᠡᠳᠦᠷ᠂ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠡᠷᠢᠶᠡᠨ ᠬᠤᠳᠠ ᠶᠢᠨ ᠪᠣᠭᠤᠮᠲᠠ ᠳᠤ ᠬᠦᠷᠴᠦ᠂ ᠪᠣᠭᠤᠮᠲᠠ ᠪᠠᠷ ᠥᠩᠭᠡᠷᠡᠬᠦ ᠭᠠᠷᠳᠠᠮ ᠢ ᠭᠦᠢᠴᠡᠳᠬᠡᠭᠰᠡᠨ ᠤ ᠲᠠᠷᠠᠭ᠎ᠠ᠂ ᠵᠣᠷᠢᠭᠰᠠᠨ ᠭᠠᠵᠠᠷ ᠪᠣᠯᠬᠤ ᠫᠤᠯᠠᠨᠳ᠋ ᠤᠨ ᠮᠠᠷᠠᠱᠸᠧᠢᠴᠢ ᠵᠦᠭ ᠮᠣᠷᠳᠠᠵᠠᠢ᠃ ᠲᠤᠰ ᠡᠭᠡᠯᠵᠢ ᠶᠢᠨ ᠵᠢᠰᠢᠶᠠᠨ ᠤ ᠭᠠᠯᠲᠤ ᠲᠡᠷᠭᠡ ᠪᠣᠭᠤᠮᠲᠠ ᠪᠠᠷ ᠤᠷᠤᠭᠰᠢᠲᠠᠢ ᠪᠠᠷ ᠥᠩᠭᠡᠷᠡᠬᠦ ᠨᠢ ᠡᠷᠢᠶᠡᠨ ᠬᠤᠳᠠ ᠶᠢᠨ ᠪᠣᠭᠤᠮᠲᠠ ᠡᠨᠡ ᠵᠢᠯ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 500 ᠶᠢ ᠳᠠᠪᠠᠵᠤ᠂ 2020 ᠣᠨ ᠤ ᠬᠢ ᠠᠴᠠ 32 ᠡᠳᠦᠷ ᠤᠷᠢᠳᠴᠢᠯᠠᠭᠰᠠᠨ ᠢ ᠬᠠᠷᠠᠭᠤᠯᠵᠤ ᠪᠠᠶᠢᠨ᠎ᠠ᠃
   ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠬᠢᠯᠢ ᠠᠴᠠ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ    ᠣᠶᠢᠯᠠᠭᠠᠭᠰᠠᠨ ᠢᠶᠠᠷ᠂ ᠲᠤᠰ ᠵᠢᠰᠢᠶᠠᠨ ᠤ ᠭᠠᠯᠲᠤ ᠲᠡᠷᠭᠡ ᠰᠢᠦ᠋ᠢᠵᠸᠤ ᠶᠢᠨ ᠲᠦᠩ ᠱᠠᠨ ᠠᠴᠠ ᠡᠬᠢᠯᠡᠵᠦ᠂ 40 ᠲᠣᠬᠤᠢ ᠶᠢᠨ ᠴᠢᠩᠭᠡᠯᠢᠭ ᠢ 50 ᠠᠴᠢᠵᠤ᠂ ᠪᠠᠷᠠᠭ᠎ᠠ ᠶᠢᠨ ᠭᠤᠣᠯ ᠨᠢ ᠪᠦᠷᠬᠦᠬᠦᠯᠳᠦ ᠨᠠᠭᠠᠮᠠᠯ ᠬᠠᠪᠲᠠᠰᠤ᠂ ᠰᠦᠯᠢᠶᠣᠣ ᠰᠣᠷᠣᠭᠤᠯ ᠵᠡᠷᠭᠡ ᠪᠠᠶᠢᠵᠤ᠂ ᠪᠠᠷᠠᠭᠠᠨ ᠤ ᠬᠦᠨᠳᠦ ᠨᠢ 720.5 ᠲᠣᠨ᠂ ᠪᠠᠷᠠᠭᠠᠨ ᠤ ᠦᠷᠳᠡᠭ ᠨᠢ 1272.1 ᠲᠦᠮᠡᠨ ᠲᠥᠭᠦᠷᠢᠭ ᠲᠤ ᠬᠦᠷᠴᠦ᠂ ᠪᠦᠬᠦ ᠶᠠᠪᠤᠴᠠ ᠳᠤ 18 ᠡᠳᠦᠷ ᠠᠶᠠᠯᠠᠬᠤ ᠪᠠᠷ ᠵᠢᠱᠢᠵᠦ ᠪᠤᠢ᠃    ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ᠳᠤᠮᠳᠠ ᠨᠡᠪᠳᠡᠷᠡᠯ ᠵᠠᠮ︾ ᠢ ᠨᠡᠭᠡᠭᠡᠭᠰᠡᠨ ᠠᠴᠠ ᠤᠳᠤ ᠪᠣᠯᠲᠠᠯ᠎ᠠ᠂ ᠠᠶᠠᠯᠠᠯ ᠤᠨ ᠱᠤᠭᠤᠮ ᠨᠢᠭᠡᠨᠲᠡ 45 ᠵᠤᠷᠪᠤᠰ ᠪᠣᠯᠤᠨ ᠨᠡᠮᠡᠭᠳᠡᠵᠦ᠂ ᠤᠯᠤᠰ ᠤᠨ ᠳᠣᠲᠣᠭᠠᠳᠤ ᠶᠢᠨ ᠡᠬᠢᠯᠡᠭᠰᠡᠨ ᠭᠠᠵᠠᠷ ᠤᠨ ᠬᠤᠳᠠ ᠨᠢ ᠵᠧᠩᠵᠧᠦ᠂ ᠴᠧᠩᠳᠦ᠋᠂ ᠰᠢᠶᠠᠮᠧᠨ ᠵᠡᠷᠭᠡ 40 ᠭᠠᠷᠤᠢ ᠬᠤᠳᠠ ᠶᠢ ᠬᠠᠮᠤᠷᠴᠤ᠂ ᠬᠢᠯᠢ ᠶᠢᠨ ᠭᠠᠳᠠᠨᠠᠬᠢ ᠵᠣᠷᠢᠭᠰᠠᠨ ᠭᠠᠵᠠᠷ ᠨᠢ ᠬᠠᠮᠪᠦ᠋ᠷᠡᠭ᠂ ᠷᠤᠲ᠋ᠤᠷᠳᠡᠨ ᠠᠴᠠ ᠸᠠᠷᠱᠠᠸᠠ᠂ ᠮᠣᠰᠺᠸᠠ ᠵᠡᠷᠭᠡ 10 ᠤᠯᠤᠰ ᠤᠨ 60 ᠭᠠᠵᠠᠷ ᠣᠷᠣᠨ ᠳᠤ ᠬᠦᠷᠲᠡᠯ᠎ᠡ ᠥᠷᠭᠡᠵᠢᠪᠡ᠃ ᠪᠠᠷᠠᠭᠠᠨ ᠤ ᠲᠦᠷᠦᠯ ᠵᠦᠢᠯ ᠢ ᠭᠠᠳᠠᠭᠠᠳᠤ ᠠᠴᠠ ᠣᠷᠣᠭᠤᠯᠬᠤ ᠪᠠᠷᠠᠭ᠎ᠠ ᠳᠤ ᠤᠤᠯ ᠤᠨ ᠪᠠᠶᠢᠭᠰᠠᠨ ᠬᠠᠪᠲᠠᠰᠤᠨ ᠮᠠᠲ᠋ᠧᠷᠢᠶᠠᠯ᠂ ᠮᠣᠳᠣᠨ ᠡᠭᠡᠳᠡᠩ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠤᠯᠠᠮᠵᠢᠯᠠᠯᠲᠤ ᠲᠠᠸᠠᠷ ᠠᠴᠠ ᠭᠠᠳᠠᠨ᠎ᠠ ᠴᠠᠭᠠᠨ ᠡᠯᠡᠰᠦᠨ ᠰᠢᠬᠢᠷ᠂ ᠨᠡᠷᠡᠨ ᠬᠤᠸᠠᠷ ᠤᠨ ᠦᠷ᠎ᠡ᠂ ᠮᠠᠭᠠᠯᠢᠩᠭᠤ ᠶᠢᠨ ᠦᠷ᠎ᠡ᠂ ᠨᠡᠷᠡᠨ ᠬᠤᠸᠠᠷ ᠤᠨ ᠦᠷ᠎ᠡ ᠶᠢᠨ ᠲᠤᠰᠤ ᠵᠡᠷᠭᠡ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠨᠡᠮᠡᠪᠡ︔ ᠭᠠᠳᠠᠭᠠᠳᠤ ᠳᠤ ᠭᠠᠷᠭᠠᠬᠤ ᠪᠠᠷᠠᠭ᠎ᠠ ᠨᠢ ᠨᠡᠬᠡᠮᠡᠯ ᠤᠨ ᠵᠦᠢᠯ᠂ ᠡᠳᠦᠷ ᠲᠤᠲᠤᠮ ᠤᠨ ᠬᠡᠷᠡᠭᠯᠡᠭᠡᠨ ᠤ  ᠵᠦᠢᠯ᠂ ᠬᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠵᠡᠷᠭᠡ ᠶᠢᠨ ᠰᠠᠭᠤᠷᠢᠨ ᠳᠡᠭᠡᠷ᠎ᠡ ᠮᠠᠰᠢᠨ ᠴᠠᠬᠢᠯᠭᠠᠨ ᠤ  ᠦᠢᠯᠡᠳᠬᠦᠨ᠂ ᠵᠢᠵᠢᠭ ᠰᠠᠭᠤᠳᠠᠯ ᠤᠨ ᠮᠠᠰᠢᠨ᠂ ᠮᠠᠰᠢᠨ ᠲᠡᠷᠭᠡᠨ ᠤ ᠢᠵᠢ ᠪᠦᠷᠢᠨ ᠰᠤᠯᠠ ᠲᠣᠨᠤᠭ᠂ ᠬᠡᠷᠡᠯ ᠴᠡᠨᠡᠭ ᠤᠨ ᠦᠢᠯᠡᠳᠬᠦᠨ ᠵᠡᠷᠭᠡ ᠥᠨᠳᠥᠷ ᠨᠡᠮᠡᠯᠲᠡ ᠥᠷᠲᠡᠭᠲᠦ ᠲᠠᠸᠠᠷ ᠢ ᠨᠡᠮᠡᠪᠡ᠃
   ᠡᠷᠢᠶᠡᠨ ᠪᠣᠭᠤᠮᠲᠠ ᠶᠢᠨ ᠠᠵᠢᠯᠲᠠᠨ ᠡᠭᠡᠯᠵᠢ ᠶᠢᠨ ᠭᠠᠯᠲᠤ ᠲᠡᠷᠭᠡᠨ ᠤ ᠠᠴᠢᠶᠠᠯᠠᠭᠰᠠᠨ ᠪᠠᠷᠠᠭ᠎ᠠ ᠶᠢ ᠪᠠᠶᠢᠴᠠᠭᠠᠨ ᠰᠢᠯᠭᠠᠪᠠ    ︽2021 ᠣᠨ ᠳᠤ ᠤᠷᠤᠭᠰᠠᠨ ᠠᠴᠠ ᠨᠠᠰᠢ᠂ ᠪᠣᠭᠤᠮᠲᠠ ᠶᠢᠨ ᠬᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠲᠤᠬᠠᠶᠢᠯᠠᠭᠰᠠᠨ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠴᠠᠭᠠᠰᠤᠨ ᠭᠡᠷᠡᠴᠢ ᠪᠠᠷᠢᠮᠲᠠ ᠶᠢ ᠪᠠᠭᠠᠰᠬᠠᠵᠤ᠂ ᠪᠢᠳᠡᠨ ᠤ ᠭᠦᠶᠦᠬᠦ ᠲᠤᠭ᠎ᠠ ᠶᠢ ᠪᠠᠭᠠᠰᠬᠠᠪᠠ᠂ ᠲᠡᠷᠡᠴᠢᠯᠡᠨ ᠴᠠᠭᠠᠨ ᠰᠠᠷ᠎ᠠ ᠶᠢᠨ ᠬᠤᠭᠤᠴᠠᠭᠠᠨ ᠳᠤ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠲᠤᠬᠠᠶᠢᠯᠠᠭᠰᠠᠨ ᠠᠵᠢᠯ ᠢ ᠴᠠᠭ ᠲᠤᠬᠠᠶ ᠳᠤᠨᠢ  ᠬᠦᠢᠴᠡᠳᠬᠡᠬᠦ ᠶᠢ ᠪᠠᠲᠤᠯᠠᠬᠤ ᠶᠢᠨ ᠳᠣᠯᠠᠳᠠ᠂ ᠪᠣᠭᠤᠮᠲᠠ ᠶᠢᠨ ᠠᠵᠢᠯᠲᠠᠳ ᠢᠮᠠᠭᠲᠠ ᠠᠵᠢᠯ ᠤᠨ ᠪᠠᠶᠢᠷᠢ ᠪᠠᠨ ᠪᠠᠲᠤ ᠰᠠᠬᠢᠵᠤ ᠴᠠᠭ ᠨᠡᠮᠡᠵᠦ ᠠᠵᠢᠯᠯᠠᠨ ᠪᠢᠳᠡᠨ ᠳᠤ ᠭᠠᠷ ᠬᠦᠢᠴᠡᠳᠬᠡᠯ ᠬᠢᠵᠦ ᠥᠭᠴᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠪᠠᠷ ᠤᠷᠤᠭᠰᠢᠲᠠᠶ ᠥᠩᠭᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠭᠰᠠᠭᠠᠷ  ᠢᠷᠡᠪᠡ︾  ᠭᠡᠵᠦ ᠳᠤᠮᠳᠠᠳᠤ ᠤᠯᠤᠰ ᠤᠨ ᠭᠠᠳᠠᠭᠠᠳᠤ ᠲᠡᠭᠡᠭᠡᠪᠦᠷᠢ ᠶᠢᠨ ᠤᠮᠠᠷᠠᠲᠤ ᠣᠷᠣᠨ ᠤ ᠬᠢᠵᠠᠭᠠᠷᠲᠤ ᠺᠣᠮᠫᠠᠨᠢ ᠶᠢᠨ ᠡᠷᠢᠶᠡᠨ ᠬᠤᠳᠠ ᠶᠢᠨ ᠬᠤᠪᠢᠶᠠᠷᠢ ᠺᠣᠮᠫᠠᠨᠢ ᠶᠢᠨ ᠳᠠᠭᠠᠭᠠᠮᠠᠯ ᠵᠠᠩ ᠵᠢᠢ ᠫᠢᠩ ᠢᠯᠡᠳᠬᠡᠪᠡ᠃
  ᠡᠷᠢᠶᠡᠨ ᠪᠣᠭᠤᠮᠲᠠ ᠶᠢᠨ ᠠᠵᠢᠯᠲᠠᠨ ᠲᠤᠬᠠᠶ ᠶᠢᠨ ᠲᠠᠯᠠᠪᠤᠷ ᠲᠤ ᠡᠭᠡᠯᠵᠢ ᠶᠢᠨ ᠭᠠᠯᠲᠤ ᠲᠡᠷᠭᠡᠨ ᠤ ᠮᠡᠳᠡᠭᠡ ᠵᠠᠩᠭᠢ ᠶᠢ ᠬᠠᠷᠭᠤᠭᠤᠯᠵᠤ ᠦᠵᠡᠪᠡ    ︽ᠣᠳᠣᠬᠠᠨ ᠳᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠨᠢ ︿ᠴᠢᠨᠠᠷ ᠰᠠᠶᠢᠲᠠᠢ ᠡᠳ᠋ ᠪᠠᠷᠠᠭᠠᠨ ᠤ ᠭᠦᠢᠯᠭᠡᠭᠡ﹀ ᠶᠢᠨ ᠲᠦᠯᠦᠭᠡᠨ ᠤ ᠨᠡᠷ᠎ᠡ ᠦᠭᠡ ᠪᠤᠯᠵᠤ᠂ ᠠᠽᠢᠶ᠎ᠠ ᠧᠦ᠋ᠷᠣᠫᠠ ᠶᠢᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠶᠢᠨ ᠰᠢᠨ᠎ᠡ ᠬᠤᠯᠪᠣᠭᠠᠰᠤ ᠪᠤᠯᠵᠤ᠂ ᠬᠢᠯᠢ ᠶᠢᠨ ᠳᠣᠲᠣᠷ᠎ᠠ ᠡᠬᠢᠯᠡᠨ ᠬᠥᠭᠵᠢᠭᠰᠡᠨ ᠬᠤᠳᠠ ᠪᠠ ᠪᠣᠭᠤᠮᠲᠠ ᠶᠢᠨ ᠬᠤᠳᠠ ᠶᠢᠨ ᠬᠥᠭᠵᠢᠯᠲᠡ ᠶᠢ ᠲᠦᠢᠯ ᠤᠨ ᠶᠡᠭᠡ ᠪᠠᠷ ᠠᠬᠢᠭᠤᠯᠤᠭᠰᠠᠨ ᠤ ᠬᠠᠮᠲᠤ᠂ ︿ᠨᠢᠭᠡ ᠪᠦᠰᠡ ᠨᠢᠭᠡ ᠵᠠᠮ﹀ ᠳᠠᠭᠠᠤ ᠶᠢᠨ ᠤᠯᠤᠰ ᠤᠨ ᠠᠵᠤ ᠠᠬᠤᠢ ᠶᠢᠨ ᠬᠥᠭᠵᠢᠯᠲᠡ ᠳᠤ ᠴᠦ ᠨᠥᠯᠥᠭᠡᠯᠡᠨ ᠳᠠᠶᠢᠴᠢᠯᠠᠬᠤ ᠦᠢᠯᠡᠳᠦᠯ ᠦᠵᠡᠭᠦᠯᠵᠡᠢ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠦᠷᠭᠡᠨ ᠬᠥᠭᠵᠢᠯᠲᠡ ᠨᠢ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠤ ︿ᠨᠢᠭᠡ ᠪᠦᠰᠡ ᠨᠢᠭᠡ ᠵᠠᠮ﹀ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠨᠥᠯᠥᠭᠡ ᠦᠵᠡᠭᠦᠯᠬᠦ ᠪᠣᠯᠤᠨ᠎ᠠ︾ ᠭᠡᠵᠦ ᠡᠷᠢᠶᠡᠨ ᠤ ᠪᠣᠭᠤᠮᠲᠠ ᠶᠢᠨ ᠲᠡᠮᠦᠷ ᠵᠠᠮ ᠤᠨ ᠬᠢᠨᠠᠨ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ ᠰᠠᠯᠠᠭᠠᠨ ᠳᠠᠷᠤᠭ᠎ᠠ ᠴᠢᠦ ᠶᠦᠨ ᠱᠧᠩ ᠲᠠᠨᠢᠯᠴᠠᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号