| | ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠩᠨᠡᠭᠡᠨ ᠤ ᠲᠤᠬᠠᠶᠢᠯᠠᠭᠰᠠᠨ | ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠨᠡᠩ ᠤᠯᠠᠨ ︽ᠦᠯᠡᠳᠡᠭᠡᠵᠦ ᠳᠡᠶᠢᠯᠬᠦ᠂ ᠤᠯᠠᠨ ᠲᠦᠮᠡᠨ ᠲᠠᠢ | ᠤᠢᠢᠷᠠᠳᠤᠭᠰᠠᠠ︾ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠬᠦ ᠶᠢᠨ ᠳᠣᠯᠠᠳᠠ᠂ 3 ᠰᠠᠷ᠎ᠠ ᠶᠢᠨ 23 ᠤ ᠡᠳᠦᠷ᠂ | ᠬᠤᠳᠠ ᠶᠢᠨ ᠤᠯᠠᠭᠠᠨᠮᠥ᠋ᠴᠢᠷ ᠲᠤ 2021 ᠣᠨ ᠤ ᠬᠤᠪᠢᠰ᠂ ᠬᠦᠮᠠᠢ ᠶᠢᠨ ᠪᠣᠯᠪᠠᠰᠤᠷᠠᠯ ᠤᠨ ᠬᠠᠷᠢᠭᠤ ᠮᠡᠳᠡᠭᠦᠯᠦᠯᠲᠡ ᠶᠢᠨ | ᠲᠣᠭᠯᠠᠯᠲᠠ ᠭᠠᠷᠭᠠᠯᠭᠠᠪᠠ᠃ | | | | | ᠲᠣᠭᠯᠠᠯᠲᠠ ᠶᠢᠨ ᠲᠠᠯᠠᠪᠠᠢ ᠶᠢ ᠬᠠᠷᠢᠭᠤ ᠮᠡᠳᠡᠬᠦᠯᠦᠯᠳᠠ | | ᠲᠣᠰ ᠤᠳᠠᠭᠠᠨ ᠤ ᠪᠣᠯᠪᠠᠰᠤᠷᠠᠭᠤᠯᠤᠯ ᠳᠤ ᠠᠪᠠᠭ᠎ᠠ ᠬᠤᠰᠢᠭᠤᠨ ᠤ ᠤᠯᠠᠭᠠᠨᠮᠥ᠋ᠴᠢᠷ ᠤᠨ ᠬᠤᠪᠢᠰ ᠬᠦᠭᠵᠢᠮ ᠤᠨ | ᠳᠣᠷᠰᠢᠯᠭ᠎ᠠ ᠲᠠᠢ ᠠᠬᠠᠮᠠᠳ ᠲᠣᠭᠯᠠᠭᠴᠢ ᠴᠢᠷᠮᠠᠶᠢᠯᠳᠦ᠂ ᠥᠪᠥᠷ ᠮᠣᠩᠭᠤᠯ ᠤᠨ ᠦᠨᠳᠦᠰᠦᠲᠡᠨ ᠤ ᠳᠠᠭᠤᠤ ᠪᠥᠵᠢᠭᠲᠦ | ᠵᠦᠴᠦᠭᠡ ᠶᠢᠨ ᠬᠦᠷᠢᠶᠡᠯᠡᠩ ᠤᠨ ᠬᠦᠮᠠᠢ ᠶᠢᠨ ᠳᠣᠷᠰᠢᠯᠭ᠎ᠠ ᠲᠠᠢ ᠠᠬᠠᠮᠠᠳ ᠲᠣᠭᠯᠠᠭᠴᠢ ᠳᠡᠮᠣᠷᠪᠣᠯᠣᠳ ᠢ ᠤᠷᠢᠵᠤ | ᠪᠣᠯᠪᠠᠰᠤᠷᠠᠭᠤᠯᠤᠯ ᠤᠨ ᠵᠢᠯᠣᠭᠤᠳᠣᠭᠴᠢ ᠪᠠᠭᠰᠢ ᠪᠣᠯᠭᠠᠵᠤ᠂ ᠲᠣᠰ ᠲᠣᠰ ᠬᠤᠪᠢᠰ᠂ ᠬᠦᠮᠠᠮᠢ᠂ ᠪᠥᠵᠢᠭ ᠵᠡᠷᠭᠡ ᠭᠤᠷᠪᠠᠨ | ᠵᠦᠶ᠋ᠯ ᠤᠨ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠲᠠᠯ᠎ᠠ ᠪᠠᠷ ᠲᠣᠰ ᠲᠣᠰ 15 ᠡᠳᠦᠷ ᠤᠨ ᠪᠣᠯᠪᠠᠰᠤᠷᠠᠯ | ᠥᠷᠨᠢᠭᠦᠯᠵᠦ᠂ ︽ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠪᠡᠯᠭᠡᠯᠡᠬᠦ︾ ᠵᠡᠷᠭᠡ ᠭᠤᠤᠯ ᠰᠡᠳᠦᠪᠲᠦ ᠵᠣᠬᠢᠶᠠᠨ | ᠪᠦᠲᠦᠭᠡᠯᠭᠡ ᠳᠤ ᠪᠠᠲᠤ ᠰᠠᠭᠤᠷᠢ ᠶᠢ ᠲᠠᠯᠪᠢᠭᠰᠠᠨ ᠪᠠᠶᠢᠨ᠎ᠠ᠃ | | | | | ᠵᠢᠯᠣᠭᠤᠳᠣᠭᠴᠢ ᠪᠠᠭᠰᠢ ᠵᠢᠴᠢ ᠬᠠᠮᠢᠶ᠎ᠠ ᠪᠥᠬᠦᠶ ᠤᠳᠤᠷᠢᠳᠤᠯᠭ᠎ᠠ ᠠᠴᠠ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠪᠠ | | ᠬᠠᠷᠢᠭᠤ ᠮᠡᠳᠡᠭᠦᠯᠦᠯᠲᠡ ᠶᠢᠨ ᠲᠣᠭᠯᠠᠯᠲᠠ ᠨᠢ ᠬᠤᠪᠢᠰ ᠤᠨ ᠲᠣᠭᠯᠠᠯᠲᠠ ᠶᠢᠨ ᠦᠨᠳᠦᠰᠦᠨ ᠴᠢᠳᠠᠪᠤᠷᠢ ᠶᠢᠨ | ᠦᠵᠡᠭᠦᠯᠦᠯᠭᠡ ᠳᠤ ᠬᠥᠰᠢᠭᠡ ᠪᠠᠨ ᠰᠡᠬᠦᠵᠦ᠂ ᠭᠡᠰᠢᠭᠦᠳ ᠲᠤᠰ ᠤᠳᠠᠭᠠᠨ ᠤ ᠪᠣᠯᠪᠠᠰᠤᠷᠠᠯ ᠤᠨ ᠰᠢᠨ᠎ᠡ ᠪᠦᠲᠦᠭᠡᠯ ︽ᠡᠵᠢ︾ | ᠶᠢ ᠠᠪᠴᠢᠷᠠᠪᠠ᠃ ᠠᠩᠭᠢ ᠶᠢᠨ ᠭᠡᠰᠢᠭᠦᠳ ᠪᠠᠰᠠ ᠳᠠᠭᠤᠯᠠᠬᠤ ᠪᠠᠷ ᠳᠠᠮᠵᠢᠭᠤᠯᠤᠨ ᠥᠪᠡᠷ ᠤᠨ ᠯᠠᠪᠳᠠᠭᠤᠨ ᠪᠠᠲᠤᠲᠠᠶ | ᠦᠨᠳᠦᠰᠦᠨ ᠪᠣᠯᠪᠠᠰᠤᠷᠠᠯ ᠪᠠ ᠬᠤᠪᠢ ᠬᠥᠮᠦᠨ ᠤ ᠤᠷ᠎ᠠ ᠮᠡᠷᠭᠡᠵᠢᠯ ᠢᠶᠠᠨ ᠳᠡᠯᠭᠡᠨ ᠦᠵᠡᠭᠦᠯᠵᠦ᠂ ᠬᠠᠮᠲᠤᠷᠠᠭᠰᠠᠨ | ᠲᠣᠭᠯᠠᠯᠲᠠ ᠶᠢᠨ ᠠᠭᠤᠷ ᠠᠮᠢᠰᠬᠤᠯ ᠢ ᠣᠷᠭᠢᠯ ᠳᠤᠨᠢ ᠬᠦᠷᠭᠡᠵᠡᠶ᠃ ᠳᠠᠭᠤᠨ ᠤ ᠬᠥᠭᠵᠢᠮ ᠤᠨ ᠠᠩᠭᠢ ᠨᠢ ᠪᠠᠭᠰᠢ ᠶᠢᠨ ᠢᠶᠠᠨ | ᠵᠢᠯᠣᠭᠤᠳᠣᠯᠭ᠎ᠠ ᠪᠠᠷ ᠲᠣᠭᠯᠠᠯᠲᠠ ᠭᠠᠷᠭᠠᠵᠤ᠂ ᠬᠦᠮᠠᠢ᠂ ᠤᠷᠲᠤ ᠶᠢᠨ ᠳᠠᠭᠤᠣ᠂ ᠠᠮᠠᠨ ᠬᠤᠭᠤᠷ᠂ ᠮᠣᠷᠢᠨ ᠬᠤᠭᠤᠷ | ᠵᠡᠷᠭᠡ ᠶᠢ ᠲᠣᠭᠯᠠᠪᠠ᠃ ᠳᠠᠭᠤᠯᠠᠬᠤ ᠤᠷ᠎ᠠ ᠮᠡᠷᠭᠡᠵᠢᠯ ᠢ ᠭᠦᠢᠴᠡᠳ ᠡᠵᠡᠮᠰᠢᠵᠦ᠂ ᠲᠠᠶᠢᠰᠠᠨ ᠤ ᠢᠯᠡᠷᠡᠯ ᠪᠠᠶᠠᠯᠢᠭ ᠤᠯᠠᠨ | ᠶᠠᠩᠵᠤ ᠶᠢᠨ ᠪᠠᠶᠢᠵᠤ᠂ ᠦᠨᠳᠦᠰᠦᠲᠡᠨ ᠤ ᠠᠬᠠᠮᠠᠳ ᠪᠠ ᠬᠢᠯᠢ ᠶᠢᠨ ᠪᠣᠭᠤᠮᠲᠠ ᠶᠢᠨ ᠰᠣᠶᠣᠯ ᠢ ᠬᠠᠯᠠᠭᠤᠨ ᠢᠶᠠᠷ ᠬᠠᠶᠢᠷᠠᠯᠠᠵᠤ | ᠂ ᠤᠯᠠᠭᠠᠨᠮᠥ᠋ᠴᠢᠷ ᠤᠨ ᠭᠡᠰᠢᠭᠦᠳ ᠤᠨ ︽ᠨᠢᠭᠡ ᠵᠦᠢᠯ ᠳᠤ ᠮᠡᠷᠭᠡᠰᠢᠵᠦ ᠤᠯᠠᠨ ᠵᠦᠢᠯ ᠳᠤ ᠴᠢᠳᠠᠪᠤᠷᠢ ᠲᠠᠢ ᠪᠠᠶᠢᠬᠤ︾ | ᠣᠨᠴᠠᠯᠢᠭ ᠢ ᠢᠯᠡᠷᠡᠭᠦᠯᠪᠡ᠃ | | | | | ᠰᠤᠷᠤᠬᠴᠢ ᠪᠣᠯᠤᠨ ᠵᠢᠯᠤᠭᠤᠳᠤᠭᠴᠢ ᠪᠠᠭᠰᠢ ᠶᠢᠨ ᠬᠠᠮᠲᠤ ᠶᠢᠨ ᠰᠡᠭᠦᠳᠡᠷ | | ᠣᠶᠢᠯᠠᠭᠠᠭᠰᠠᠨ ᠢᠶᠠᠷ᠂ ᠬᠤᠲᠠ ᠶᠢᠨ ᠤᠯᠠᠭᠠᠨᠮᠥ᠋ᠴᠢᠷ ᠤᠨ ᠭᠡᠰᠢᠭᠦᠳ ᠤᠨ ᠲᠤᠬᠠᠶᠢᠯᠠᠭᠰᠠᠨ ᠠᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠯ ᠪᠦᠷᠢ ᠳᠠᠭᠤᠯᠠᠬᠤ᠂ ᠬᠥᠭᠵᠢᠮ᠂ | ᠪᠥᠵᠢᠭ᠂ ᠵᠣᠬᠢᠶᠠᠨ ᠪᠦᠲᠦᠭᠡᠯᠭᠡ ᠵᠡᠷᠭᠡ ᠠᠭᠤᠯᠭ᠎ᠠ ᠶᠢ ᠪᠠᠭᠲᠠᠭᠠᠭᠰᠠᠨ ᠪᠣᠯᠪᠠᠰᠤᠷᠠᠭᠤᠯᠤᠯ ᠤᠨ ᠲᠥᠯᠥᠪᠯᠡᠭᠡ ᠶᠢ ᠨᠠᠷᠢᠨ | ᠨᠢᠮᠪᠠᠶ ᠲᠣᠭᠲᠠᠭᠠᠬᠤ ᠶᠢᠨ ᠬᠠᠮᠲᠤ ᠲᠤᠬᠠᠶᠢᠯᠠᠭᠰᠠᠨ ᠠᠵᠢᠯ ᠤᠨ ᠲᠣᠭᠯᠠᠯᠲᠠ ᠪᠠ ᠪᠣᠯᠪᠠᠰᠤᠷᠠᠭᠤᠯᠤᠯ ᠤᠨ ᠠᠵᠢᠯ ᠢ | ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠷ ᠰᠠᠶᠢᠨ ︽ᠲᠠᠯ᠎ᠠ ᠨᠤᠲᠤᠭ ᠤᠨ | ᠤᠷᠠᠨ ᠰᠠᠶᠢᠬᠠᠨ ᠤ ᠬᠥᠩᠭᠡᠨ ᠮᠣᠷᠢᠲᠤ ᠴᠡᠷᠢᠭ︾ ᠢ ᠬᠦᠴᠦᠯᠡᠨ ᠪᠣᠶ ᠪᠣᠯᠭᠠᠨ᠎ᠠ᠃ ︽ᠬᠠᠪᠤᠷ ᠤᠨ ᠤᠯᠠᠷᠢᠯ ᠤᠨ | ᠪᠣᠯᠪᠠᠰᠤᠷᠠᠯ ᠪᠣᠯ ᠪᠥᠬᠦ ᠬᠤᠲᠠ ᠶᠢᠨ ᠤᠯᠠᠭᠠᠨᠮᠥ᠋ᠴᠢᠷ ᠤᠨ ᠬᠤᠶᠢᠰᠢᠳᠠ ᠦᠨᠳᠦᠰᠦᠨ ᠱᠠᠲᠤᠨ ᠤ ᠣᠯᠠᠨ ᠲᠦᠮᠡᠨ ᠳᠤ ᠨᠠᠩ | ᠰᠠᠶᠢᠨ ᠦᠢᠯᠡᠴᠢᠯᠡᠬᠦ ᠳᠤ ᠮᠡᠷᠭᠡᠵᠢᠯ ᠤᠨ ᠲᠤᠯᠭᠠᠭᠤᠷᠢᠯᠠᠯ ᠪᠣᠯᠵᠣ᠂ ᠪᠥᠬᠦ ᠭᠡᠰᠢᠭᠦᠳ ᠤᠨ ᠤᠷᠠᠯᠢᠭ ᠤᠨ ᠬᠡᠪ ᠴᠢᠨᠠᠷ ᠪᠠ | ᠵᠣᠬᠢᠶᠠᠨ ᠪᠦᠲᠦᠭᠡᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠪᠠᠷᠠᠬᠤ ᠥᠬᠡᠶ᠂ ᠨᠠᠩ ᠴᠤ ᠭᠡᠰᠢᠭᠦᠳ ᠤᠨ ᠡᠷᠡᠰ ᠬᠠᠲᠠᠭᠤ | ᠵᠣᠷᠢᠭ ᠢ ᠳᠠᠪᠲᠠᠨ ᠪᠣᠯᠪᠠᠰᠤᠷᠠᠭᠤᠯᠤᠨ᠎ᠠ᠂ ᠪᠢᠳᠡ ᠲᠠᠰᠤᠷᠠᠯᠲᠠ ᠥᠬᠡᠶ ᠦᠨᠳᠦᠰᠦᠨ ᠱᠠᠲᠤᠨ ᠳᠤ ᠪᠠᠭᠤᠵᠤ᠂ ᠨᠡᠶᠢᠭᠡᠮ | ᠲᠣᠭᠤᠷᠢᠭ ᠲᠤ ᠣᠷᠣᠵᠤ᠂ ᠠᠵᠤ ᠠᠬᠤᠶᠢᠯᠠᠯ ᠳᠤ ᠣᠷᠣᠵᠤ ᠨᠠᠩ ᠣᠯᠠᠨ᠂ ᠨᠠᠩ ᠰᠠᠶᠢᠨ ᠤᠯᠠᠭᠠᠨᠮᠥ᠋ᠴᠢᠷ ᠤᠨ ᠴᠤᠭ | ᠵᠢᠪᠬᠤᠭ᠎ᠠ ᠶᠢ ᠳᠡᠯᠭᠡᠨ ᠦᠵᠡᠭᠦᠯᠦᠨ᠎ᠡ︾ ᠭᠡᠵᠦ ᠤᠯᠠᠭᠠᠨᠮᠥ᠋ᠴᠢᠷ ᠤᠨ ᠵᠢᠭᠠᠨ ᠵᠢᠯᠤᠭᠤᠳᠤᠭᠴᠢ ᠬᠦᠪᠰᠦᠬᠦᠯ ᠬᠡᠯᠡᠪᠡ᠃ | | | | | ᠬᠠᠮᠲᠤ ᠶᠢᠨ ᠰᠡᠭᠦᠳᠡᠷ | | |