| ᠮᠠᠨ ᠤ ᠬᠤᠲᠠ ᠶᠢᠨ ᠵᠠᠯᠠᠭᠤ ᠰᠠᠶᠢᠨ ᠲᠤᠷᠠᠴᠤᠳ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ | ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠨᠡᠶᠢᠭᠡᠮ ᠤᠨ ᠰᠠᠶᠢᠨ ᠳᠤᠷ᠎ᠠ ᠶᠢᠨ | ᠬᠦᠴᠦᠨ ᠤ ᠭᠡᠨᠡᠳᠲᠡ ᠶᠢᠨ ᠬᠡᠷᠡᠭ ᠢ ᠰᠢᠢᠳᠪᠣᠷᠢᠯᠡᠬᠦ ᠳᠤ ᠣᠷᠣᠯᠴᠠᠬᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠬᠦᠯᠬᠦ | ᠶᠢᠨ ᠳᠣᠯᠠᠳᠠ ᠳᠤ᠂ 3 ᠰᠠᠷ᠎ᠠ ᠶᠢᠨ 23 ᠤ ᠡᠳᠦᠷ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠤᠯᠤᠰ ᠤᠨ | ᠡᠭᠦᠳᠡᠨ ᠤ ᠡᠯᠴᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠮᠣᠩᠭᠤᠯ ᠦᠨᠳᠦᠰᠦᠲᠡᠨ ᠤ ᠪᠠᠭ᠎ᠠ | ᠰᠤᠷᠭᠠᠭᠤᠯᠢ ᠳᠤ ︽ᠵᠠᠯᠠᠭᠤᠴᠤᠳ ᠤᠨ ᠨᠡᠶᠢᠲᠡᠯᠢᠭ ᠵᠢᠱᠢᠶ᠎ᠡ ᠶᠢ ᠤᠬᠠᠭᠤᠯᠤᠨ ᠲᠠᠶᠢᠯᠪᠤᠷᠢᠯᠠᠬᠤ + ᠲᠤᠰᠬᠠᠶ ᠮᠡᠷᠭᠡᠵᠢᠯ ᠤᠨ | ᠮᠡᠳᠡᠯᠭᠡ ᠪᠠᠷ ᠬᠢᠴᠢᠶᠡᠯᠯᠡᠬᠦ + ᠲᠣᠭᠤᠷᠢᠨ ᠦᠵᠡᠵᠦ ᠰᠤᠷᠤᠯᠴᠠᠬᠤ︾ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠭᠤᠯᠤᠯ ᠥᠷᠨᠢᠭᠦᠯᠵᠦ᠂ ᠨᠡᠶᠢᠲᠡ 90 | ᠭᠠᠷᠤᠶ ᠰᠣᠷᠣᠭᠴᠢ ᠠᠵᠢᠯᠯᠠᠭ᠎ᠠ ᠳᠤ ᠣᠷᠣᠯᠴᠠᠵᠠᠶ᠃ | | | | | ᠠᠬᠤᠢ ᠲᠠᠯᠠᠪᠠᠢ | | ᠠᠵᠢᠯᠯᠠᠭ᠎ᠠ ᠶᠢᠨ ᠳᠤᠮᠳᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠤᠰ ᠬᠡᠯᠡᠨ ᠤ ᠪᠠᠴᠢᠮ ᠪᠠᠶᠢᠳᠠᠯ ᠢ | ᠠᠷᠭᠠᠴᠠᠨ ᠠᠪᠤᠷᠬᠠᠤ ᠯᠧᠺᠲ᠋ᠣᠷ ᠰᠤᠷᠭᠠᠭᠤᠯᠢ ᠶᠢᠨ ᠬᠦᠷᠢᠶᠡᠨ ᠤ ᠪᠠᠶᠢᠩᠭᠤ ᠲᠣᠬᠢᠶᠠᠯᠳᠤᠬᠤ ᠲᠦᠷᠭᠡᠨ ᠡᠪᠡᠳᠴᠢᠨ ᠢ | ᠰᠢᠢᠳᠪᠣᠷᠢᠯᠡᠬᠦ ᠪᠠᠷ ᠭᠤᠤᠯ ᠪᠣᠯᠭᠠᠵᠤ᠂ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠰᠤᠷᠤᠭᠴᠢᠳ ᠲᠤ ᠵᠢᠷᠦᠬᠡ | ᠠᠭᠤᠰᠬᠢ ᠶᠢ ᠰᠡᠷᠭᠦᠭᠡᠬᠦ᠂ ᠠᠮᠢᠰᠬᠤᠯ ᠤᠨ ᠵᠠᠮ ᠤᠨ ᠬᠡᠨᠡᠳᠳᠡ ᠶᠢᠨ ᠲᠦᠭᠵᠢᠷᠡᠯ ᠢ ᠠᠷᠢᠯᠭᠠᠬᠤ᠂ ᠴᠢᠰᠤ ᠵᠣᠭᠰᠣᠭᠠᠬᠤ | ᠵᠡᠷᠭᠡ ᠪᠠᠶᠢᠩᠭᠤ ᠲᠣᠬᠢᠶᠠᠯᠳᠤᠬᠤ ᠲᠦᠷᠭᠡᠨ ᠡᠪᠡᠳᠴᠢᠨ ᠢ ᠠᠪᠤᠷᠬᠠᠤ ᠠᠷᠭ᠎ᠠ ᠶᠢ ᠵᠢᠭᠠᠵᠤ ᠥᠭᠲᠡᠭ᠃ ᠭᠤᠤᠯᠳᠠᠯᠭ᠎ᠠ ᠲᠠᠢ | ᠠᠭᠤᠯᠭ᠎ᠠ ᠶᠢᠨ ᠲᠠᠶᠢᠯᠤᠮᠵᠢ᠂ ᠪᠣᠳᠠᠲᠠᠶ ᠬᠡᠷᠡᠭ ᠤᠨ ᠵᠢᠱᠢᠶ᠎ᠡ ᠶᠢᠨ ᠵᠠᠳᠠᠯᠤᠯᠲᠠ ᠵᠢᠴᠢ ᠲᠤᠬᠠᠶ ᠶᠢᠨ ᠲᠠᠯᠠᠪᠤᠷ ᠤᠨ ᠵᠢᠱᠢᠶ᠎ᠡ | ᠦᠵᠡᠭᠦᠯᠬᠦ ᠰᠣᠷᠢᠯᠲᠠ ᠵᠡᠷᠭᠡ ᠪᠠᠷ ᠳᠠᠮᠵᠢᠭᠤᠯᠤᠨ᠂ ᠣᠯᠠᠨ ᠳᠤ ᠨᠢᠭᠡᠨ ᠤᠳᠠᠭᠠᠨ ᠤ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠪᠣᠯᠪᠠᠰᠤᠷᠠᠭᠤᠯᠤᠯ ᠤᠨ ᠠᠮᠢᠳᠤᠯᠢᠭ ᠬᠢᠴᠢᠶᠡᠯ ᠤᠷᠤᠭᠰᠠᠨ ᠪᠠᠶᠢᠨ᠎ᠠ᠃ ᠲᠤᠬᠠᠶ ᠶᠢᠨ ᠲᠠᠯᠠᠪᠤᠷ ᠲᠤ᠂ | ᠪᠣᠯᠪᠠᠰᠤᠷᠠᠭᠤᠯᠤᠯ ᠤᠨ ᠠᠵᠢᠯᠲᠠᠨ ᠪᠣᠯᠤᠨ ᠰᠤᠷᠤᠭᠴᠢᠳ ᠪᠠᠶᠢᠨ ᠳᠠᠬᠢᠨ ᠬᠠᠷᠢᠯᠴᠠᠨ ᠦᠢᠯᠡᠳᠦᠯᠴᠡᠵᠦ᠂ ᠰᠣᠷᠣᠭᠴᠢ | ᠨᠢᠭᠡᠪᠦᠷᠢ ᠶᠢ ᠬᠠᠪᠰᠤᠷᠤᠨ ᠪᠠᠴᠢᠮ ᠪᠠᠶᠢᠳᠠᠯ ᠢ ᠠᠷᠭᠠᠴᠠᠵᠤ ᠠᠪᠤᠷᠬᠠᠤ ᠬᠠᠮᠢᠶ᠎ᠠ ᠪᠥᠬᠦᠶ ᠮᠡᠳᠡᠯᠭᠡ ᠶᠢ ᠡᠵᠡᠮᠰᠢᠭᠦᠯᠬᠦ ᠪᠠᠷ | ᠴᠢᠷᠮᠠᠶᠢᠨ᠎ᠠ᠃ | | | | | ᠰᠠᠶᠢᠨ ᠳᠤᠷ᠎ᠠ ᠶᠢᠨ ᠦᠢᠯᠡᠴᠢᠯᠡᠭᠴᠢ ᠰᠤᠷᠤᠭᠴᠢᠳ ᠲᠤ ᠰᠢᠷᠬ᠎ᠠ ᠶᠢ ᠪᠣᠭᠤᠬᠤ ᠪᠠ ᠲᠦᠷᠭᠡᠨ ᠠᠪᠤᠷᠠᠬᠤ ᠠᠷᠭ᠎ᠠ | ᠬᠡᠮᠵᠢᠶ᠎ᠡ ᠶᠢ ᠵᠢᠭᠠᠵᠤ ᠥᠭᠭᠦᠨ᠎ᠡ | | ᠲᠤᠬᠠᠶ ᠶᠢᠨ ᠲᠠᠯᠠᠪᠤᠷ ᠲᠤ ᠪᠠᠰᠠ ᠰᠤᠷᠤᠭᠴᠢᠳ ᠲᠤ ︽ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠪᠣᠯᠪᠠᠰᠤᠷᠠᠭᠤᠯᠤᠯ ᠢ ᠮᠣᠩᠭᠤᠯ ᠬᠡᠷ ᠲᠤ ᠣᠷᠣᠭᠤᠯᠬᠤ︾ ᠲᠥᠷᠥᠯ ᠵᠦᠢᠯ ᠳᠤ ᠬᠠᠩᠭᠠᠭᠰᠠᠨ ᠲᠥᠪ ᠳᠦᠷᠢ ᠪᠠᠶᠢᠳᠠᠯ ᠢ | ᠬᠠᠮᠠᠭᠠᠯᠠᠬᠤ ᠪᠢᠷ ᠵᠢᠴᠢ ᠤᠬᠠᠭᠤᠯᠭ᠎ᠠ ᠶᠢᠨ ᠮᠠᠲ᠋ᠧᠷᠢᠶᠠᠯ ᠢ ᠲᠣᠰ ᠲᠣᠰ 100 ᠭᠠᠷᠤᠶ ᠬᠤᠪᠢ ᠲᠠᠷᠬᠠᠭᠠᠪᠠ᠃ | | | | | ᠠᠵᠢᠯᠲᠠᠳ ᠲᠤᠬᠠᠶ ᠶᠢᠨ ᠲᠠᠯᠠᠪᠠᠶ ᠳᠤ ᠤᠬᠠᠭᠤᠯᠭ᠎ᠠ ᠶᠢᠨ ᠮᠠᠲ᠋ᠧᠷᠢᠶᠠᠯ ᠳᠠᠷᠬᠠᠭᠠᠵᠦ ᠪᠠᠶᠢᠭ᠎ᠠ ᠨᠢ | | | | | ᠰᠤᠷᠤᠭᠴᠢᠳ ᠬᠠᠮᠲᠤ ᠪᠠᠷ ᠤᠬᠠᠭᠤᠯᠭ᠎ᠠ ᠶᠢᠨ ᠮᠠᠲ᠋ᠧᠷᠢᠶᠠᠯ ᠢ ᠤᠩᠰᠢᠵᠤ ᠶᠠᠷᠢᠯᠴᠠᠨ᠎ᠠ | | ᠰᠤᠷᠤᠭᠴᠢᠳ ᠠᠴᠠ᠂ ᠲᠣᠰ ᠤᠳᠠᠭᠠᠨ ᠤ ᠰᠤᠷᠤᠯᠴᠠᠨ ᠦᠢᠯᠡᠳᠦᠯᠬᠡᠵᠢᠬᠦᠯᠬᠦ ᠪᠠᠷ ᠳᠠᠮᠵᠢᠭᠤᠯᠤᠨ᠂ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠵᠤ ᠰᠢᠢᠳᠪᠣᠷᠢᠯᠡᠬᠦ ᠴᠢᠳᠠᠪᠤᠷᠢ ᠪᠠ ᠥᠪᠡᠷ ᠢ ᠪᠠᠨ | ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠰᠬᠠᠶ ᠮᠡᠷᠭᠡᠵᠢᠯ ᠤᠨ ᠬᠢᠷᠢ | ᠬᠡᠮᠵᠢᠶ᠎ᠡ ᠪᠠᠨ ᠳᠡᠭᠡᠭᠰᠢᠯᠡᠭᠦᠯᠵᠦ᠂ ᠬᠤᠶᠢᠰᠢᠳᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠰᠢᠨᠵᠢᠯᠡᠬᠦ | ᠤᠬᠠᠭᠠᠨᠴᠢ ᠪᠠᠷ ᠥᠷᠨᠢᠭᠦᠯᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ ᠭᠡᠵᠡᠶ᠃ ᠲᠠᠷᠠᠭᠠᠴᠢ ᠶᠢᠨ ᠲᠥᠷᠥᠯ ᠵᠦᠢᠯ ᠢ | ᠬᠡᠷᠡᠭᠵᠢᠭᠦᠯᠬᠦ ᠶᠠᠪᠤᠴᠠ ᠳᠤ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠪᠣᠯᠪᠠᠰᠤᠷᠠᠭᠤᠯᠤᠯ ᠢ ᠮᠣᠩᠭᠤᠯ ᠬᠡᠷ ᠲᠤ ᠣᠷᠣᠭᠤᠯᠬᠤ︾ ᠲᠥᠷᠥᠯ ᠵᠦᠢᠯ ᠤᠨ ᠱᠠᠭᠠᠷᠳᠠᠯᠭ᠎ᠠ ᠶᠢ | ᠴᠢᠩᠭ᠎ᠠ ᠵᠢᠷᠤᠮᠯᠠᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠭᠤᠯᠤᠯ ᠢ ᠰᠤᠮᠤ ᠭᠠᠴᠠᠭ᠎ᠠ᠂ | ᠰᠤᠷᠭᠠᠭᠤᠯᠢ ᠳᠤ ᠦᠷᠭᠦᠯᠵᠢᠯᠡᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠯᠭᠡ ᠶᠢ | ᠲᠦᠭᠡᠮᠡᠯᠵᠢᠭᠦᠯᠦᠨ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢᠳ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠡᠩᠨᠡᠭᠡ ᠶᠢ ᠪᠤᠵᠠᠭᠠᠶᠢᠷᠠᠭᠤᠯᠵᠤ᠂ ᠨᠠᠩ ᠣᠯᠠᠨ ᠬᠡᠷ ᠪᠦᠯᠢ᠂ ᠨᠠᠩ ᠣᠯᠠᠨ ᠬᠥᠮᠦᠨ ᠴᠥᠮ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠦᠨᠳᠦᠰᠦᠨ ᠮᠡᠳᠡᠯᠭᠡ ᠶᠢ ᠡᠵᠡᠮᠰᠢᠬᠦ ᠶᠢ ᠪᠠᠲᠤᠯᠠᠨ᠎ᠠ᠃ | | |