ᠮᠠᠨ ᠤ ᠬᠤᠲᠠ ᠶᠢᠨ ᠠᠵᠢᠯ  ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ  ᠴᠢᠭ ᠤᠨ ᠠᠵᠢᠯ ᠤᠨ ᠪᠣᠯᠪᠠᠰᠣᠷᠠᠯ ᠤᠨ ᠬᠤᠷᠠᠯ ᠢ ᠬᠤᠷᠠᠯᠳᠣᠪᠠ
ᠨᠡᠶᠢᠲᠡᠯᠡᠭᠰᠡᠨ ᠴᠠᠭ᠄
2021/3/29
        3 ᠰᠠᠷ᠎ᠠ ᠶᠢᠨ 26 ᠤ ᠡᠳᠦᠷ᠂ ᠮᠠᠨ ᠤ ᠬᠤᠲᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ 2021 ᠣᠨ ᠤ ᠠᠩᠬᠠᠳᠤᠭᠠᠷ ᠤᠳᠠᠭᠠᠨ ᠤ ᠬᠤᠷᠠᠯ ᠵᠢᠴᠢ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠳᠠᠷᠤᠭ᠎ᠠ  ᠨᠠᠷᠠᠨᠳᠠᠨ᠎ᠠ ᠬᠤᠷᠠᠯ ᠳᠤ ᠣᠷᠣᠯᠴᠠᠪᠠ᠃ ᠬᠤᠳᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠣᠬᠢᠴᠠᠭᠤᠯᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ᠂ ᠥᠭᠡᠷᠡᠴᠢᠯᠡᠯᠲᠡ ᠳᠤ ᠬᠤᠯᠪᠣᠭᠳᠠᠬᠤ ᠡᠯ᠎ᠡ ᠰᠠᠯᠠᠭ᠎ᠠ ᠮᠥᠴᠢᠷ ᠪᠣᠯᠤᠨ ᠪᠣᠳᠠᠲᠠᠢ ᠠᠵᠢᠯᠲᠠᠳ ᠬᠤᠷᠠᠯ ᠳᠤ ᠣᠷᠣᠯᠴᠠᠵᠠᠢ᠃
                 ᠬᠤᠷᠠᠯ ᠤᠨ ᠠᠬᠤᠶ ᠲᠠᠯᠠᠪᠠᠢ     ᠬᠤᠷᠠᠯ ᠠᠴᠠ ᠵᠢᠭᠠᠵᠤ ᠭᠠᠷᠭᠠᠭᠰᠠᠨ ᠨᠢ᠂ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠪᠠᠰᠠ ᠨᠢᠭᠡᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠮᠥᠨ᠂ ᠤᠯᠤᠰ ᠤᠨ ᠴᠡᠭᠴᠡᠯᠡᠯᠳᠠ ᠶᠢᠨ ᠰᠢᠰᠲ᠋ᠧᠮ ᠪᠣᠯᠤᠨ ᠴᠡᠭᠴᠡᠯᠡᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠳᠥᠯᠭᠢᠨ ᠠᠬᠢᠭᠤᠯᠬᠤ ᠶᠢᠨ ᠵᠠᠶᠢᠯᠠᠰᠢ ᠦᠭᠡᠶ ᠱᠠᠭᠠᠷᠳᠠᠯᠭ᠎ᠠ ᠮᠥᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠤᠶ ᠪᠣᠯᠭᠠᠬᠤ ᠪᠠ ᠳᠤᠮᠳᠠᠳᠤ ᠤᠯᠤᠰ ᠤᠨ ᠤᠮᠠᠷᠠᠲᠤ ᠶᠢᠨ ᠲᠡᠷᠢᠭᠦᠨ ᠤ ᠪᠣᠭᠤᠮᠲᠠ ᠶᠢᠨ ᠬᠤᠲᠠ ᠶᠢ ᠪᠦᠲᠦᠭᠡᠨ ᠪᠠᠶᠢᠭᠤᠯᠬᠤ ᠶᠢᠨ ᠴᠢᠬᠤᠯᠠ ᠪᠠᠶᠢᠭᠤᠯᠤᠮᠵᠢ ᠲᠣᠭᠲᠠᠴᠠ ᠶᠢᠨ ᠪᠠᠲᠤᠯᠠᠭ᠎ᠠ ᠮᠥᠨ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠥᠭᠡᠷᠡᠴᠢᠯᠡᠯᠲᠡ ᠶᠢᠨ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠣᠳᠣᠬᠠᠨ ᠤ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠬᠤ ᠬᠡᠷᠡᠭᠲᠡᠶ᠃ ᠥᠭᠡᠷᠡᠴᠢᠯᠡᠯᠲᠡ ᠶᠢᠨ ᠡᠭᠦᠷᠭᠡ ᠶᠢ ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ︽ᠡᠷᠢᠶᠡᠨ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠢᠭ ᠤᠨ ᠬᠡᠷᠡᠭᠵᠢᠭᠦᠯᠬᠦ ᠰᠠᠨᠠᠯ︾ ᠤᠨ ᠲᠣᠭᠤᠷᠢᠨ ᠳᠤ᠂ ᠲᠣᠰ ᠰᠠᠯᠠᠭ᠎ᠠ ᠮᠥᠴᠢᠷ ᠤᠨ ᠢᠶᠠᠨ ᠥᠭᠡᠷᠡᠴᠢᠯᠡᠯᠲᠡ ᠶᠢᠨ ᠲᠥᠰᠦᠯ ᠪᠠ ︽ᠭᠤᠷᠪᠠ ᠶᠢ ᠲᠣᠭᠲᠠᠭᠠᠬᠤ︾ ᠲᠣᠭᠲᠠᠭᠠᠯ ᠢ ᠱᠠᠯᠠᠪᠳᠠᠨ ᠲᠣᠭᠲᠠᠭᠠᠵᠤ᠂ ᠠᠵᠢᠯᠲᠠᠨ ᠢ ᠰᠢᠯᠵᠢᠭᠦᠯᠬᠦ᠂ ᠳᠣᠭᠢᠷᠠᠭᠤᠯᠤᠨ ᠲᠥᠪᠬᠢᠨᠡᠭᠦᠯᠬᠦ᠂ ᠠᠵᠢᠯ ᠤᠨ ᠪᠠᠶᠢᠷᠢ ᠶᠢ ᠬᠤᠪᠢᠷᠠᠭᠤᠯᠬᠤ ᠵᠡᠷᠭᠡ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠠᠶᠢᠭᠤᠯᠤᠮᠵᠢ᠂ ᠡᠭᠦᠷᠭᠡ ᠬᠠᠷᠢᠭᠤᠴᠠᠯᠭ᠎ᠠ᠂ ᠡᠩᠨᠡᠭᠡ ᠵᠡᠷᠭᠡ ᠶᠢ ᠴᠠᠭ ᠲᠤᠬᠠᠶ ᠳᠤᠨᠢ ᠳᠣᠭᠢᠷᠠᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠵᠢᠯ ᠢ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠠᠳᠬᠤᠵᠤ᠂ ᠠᠵᠢᠯ ᠤᠨ ᠠᠯᠬᠤᠮ ᠳᠠᠷᠠᠭ᠎ᠠ ᠶᠢ ᠡᠵᠡᠮᠳᠡᠵᠦ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠢ᠃ ᠺᠠᠳ᠋ᠷ ᠠᠵᠢᠯᠳᠠᠨ ᠠᠵᠢᠯᠴᠢᠨ ᠤ ᠦᠵᠡᠯ ᠰᠠᠨᠠᠭᠠᠨ ᠤ ᠠᠵᠢᠯ ᠢ ᠭᠦᠨᠵᠡᠭᠡᠢ ᠪᠥᠭᠡᠳ ᠨᠠᠷᠢᠯᠢᠭ ᠬᠢᠵᠦ᠂ ᠺᠠᠳ᠋ᠷ ᠠᠵᠢᠯᠳᠠᠨ ᠠᠵᠢᠯᠴᠢᠨ ᠤ ᠬᠠᠯᠠᠮᠵᠢᠯᠠᠯ ᠬᠠᠯᠠᠮᠵᠢᠯᠠᠯ ᠳᠤ ᠢᠳᠡᠪᠬᠢᠲᠡᠢ ᠬᠠᠷᠢᠭᠤᠯᠲᠠ ᠥᠭᠴᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠥᠭᠡᠷᠡᠴᠢᠯᠡᠯᠲᠡ ᠶᠢ ᠵᠥᠪ ᠲᠠᠨᠢᠭᠤᠯᠵᠤ᠂ ᠰᠠᠶᠢᠨ ᠰᠠᠶᠢᠬᠠᠨ ᠥᠭᠡᠷᠡᠴᠢᠯᠡᠯᠲᠡ ᠶᠢᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠪᠣᠯᠤᠨ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ᠃     ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠣᠷᠣᠨ ᠲᠣᠭᠠᠨ ᠤ ᠠᠯᠪᠠᠨ ᠭᠡᠷ ︽ᠡᠷᠢᠶᠡᠨ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠰᠠᠨᠠᠯ︾ ᠵᠢᠴᠢ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠳᠤ ᠲᠠᠶᠢᠯᠤᠮᠵᠢ ᠬᠢᠵᠦ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠥᠭᠡᠷᠡᠴᠢᠯᠡᠯᠲᠡ ᠳᠤ ᠬᠤᠯᠪᠣᠭᠳᠠᠭᠰᠠᠨ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠶ ᠮᠠᠳᠠᠭ ᠲᠠᠢ ᠵᠦᠢᠯ ᠢ ᠲᠠᠶᠢᠯᠪᠤᠷᠢᠯᠠᠵᠤ᠂ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠪᠠᠷ ᠠᠬᠢᠭᠤᠯᠬᠤ ᠳᠤ ᠰᠠᠭᠤᠷᠢ  ᠳᠠᠯᠪᠢᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号