ᠯᠢᠦ ᡁᠢ ᠫᠢᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠣᠷᠢᠯᠡᠬᠦ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2021/3/30
     3 ᠰᠠᠷ᠎ᠠ ᠶᠢᠨ 29 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠣᠷᠢᠯᠡᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠣᠳᠣᠯᠣᠨ ᠪᠠᠶᠢᠷᠢᠯᠠᠭᠤᠯᠪᠠ᠃     ᠬᠤᠲᠠ ᠶᠢᠨ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠠᠩ ᠴᠦᠨ ᠬᠤᠷᠠᠯ ᠳᠤ ᠣᠷᠣᠯᠴᠠᠪᠠ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠭᠠᠶᠢᠯᠢ ᠶᠢᠨ ᠶᠠᠪᠤᠳᠠᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠯᠢᠦ ᡁᠢ ᠫᠢᠩ ᠵᠢᠭᠠᠵᠤ ᠭᠠᠷᠭᠠᠭᠰᠠᠨ ᠨᠢ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠨᠢ ᠥᠷᠭᠡᠨ ᠣᠯᠠᠨ ᠠᠷᠠᠳ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠪᠥᠬᠦ ᠲᠠᠯ᠎ᠠ ᠳᠤ ᠬᠤᠯᠪᠣᠭᠳᠠᠵᠤ᠂ ᠨᠡᠶᠢᠭᠡᠮ ᠤᠨ ᠠᠮᠤᠷ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ᠃ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠡᠷ ᠭᠠᠵᠠᠷ ᠤᠨ ᠬᠥᠷᠥᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠵᠥᠪ ᠢᠶᠠᠷ ᠲᠠᠨᠢᠵᠤ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠶᠢ ᠢᠮᠠᠭᠲᠠ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠤᠯᠠᠨ ᠲᠦᠮᠡᠨ ᠤ ᠰᠡᠳᠬᠢᠬᠦ᠂ ᠪᠤᠳᠤᠬᠤ᠂ ᠬᠦᠰᠡᠬᠦ᠂ ᠪᠠᠴᠢᠮᠳᠠᠬᠤ ᠳᠤ ᠢᠳᠡᠪᠬᠢᠲᠡᠶ ᠪᠠᠷ ᠬᠠᠷᠢᠭᠤᠯᠲᠠ ᠥᠭᠴᠦ᠂ ᠨᠡᠩ ᠪᠣᠳᠠᠲᠠᠶ ᠶᠢ ᠡᠷᠬᠢᠮᠯᠡᠬᠦ ᠰᠤᠷᠲᠠᠯ᠂ ᠨᠡᠩ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠪᠣᠳᠠᠲᠠᠶ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠶ ᠶᠠᠪᠤᠳᠠᠯ ᠢ ᠪᠣᠳᠠᠲᠠᠶ ᠪᠠᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠶ᠃     ᠯᠢᠦ ᡁᠢ ᠫᠢᠩ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠣᠳᠣᠬᠢ ᠪᠠᠶᠢᠳᠠᠯ ᠢ ᠨᠠᠷᠢᠨ ᠬᠢᠨᠠᠮᠠᠭᠠᠢ ᠵᠠᠳᠠᠯᠵᠤ᠂ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠰᠠᠭᠤᠷᠢ ᠲᠤᠭ᠎ᠠ ᠶᠢ ᠦᠨᠡᠨᠬᠦ ᠲᠣᠳᠣᠷᠬᠠᠢ ᠣᠶᠢᠯᠠᠭᠠᠵᠤ᠂ ᠨᠠᠷᠢᠨ ᠳᠠᠩᠰᠠ ᠪᠠᠶᠢᠭᠤᠯᠵᠤ᠂ ᠲᠦᠷᠦᠯ ᠬᠤᠪᠢᠶᠠᠨ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠴᠢᠭᠯᠡᠭᠦᠯᠬᠦ ᠴᠢᠨᠠᠷᠲᠠᠢ ᠰᠢᠢᠳᠪᠦᠷᠢᠯᠡᠬᠦ ᠲᠥᠰᠦᠯ ᠢ ᠮᠥᠷᠳᠡᠨ ᠲᠣᠭᠲᠠᠭᠠᠵᠤ᠂ ᠡᠭᠦᠷᠭᠡ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠠᠲᠤᠳᠬᠠᠵᠤ᠂ ᠪᠦᠬᠦ ᠬᠤᠳᠠ ᠶᠢᠨ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠯᠢᠦ ᡁᠢ ᠫᠢᠩ᠂ ᠡᠯ᠎ᠡ ᠰᠠᠯᠠᠭ᠎ᠠ ᠮᠥᠴᠢᠷ ᠨᠢᠭᠡᠴᠡ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠬᠦᠯᠢᠶᠡᠬᠦ ᠦᠭᠡᠢ ᠲᠦᠰᠢᠭᠯᠡᠬᠦ ᠦᠭᠡᠢ ᠪᠠᠶᠢᠵᠤ᠂ ᠤᠳᠠᠭᠠᠨ ᠠᠵᠢᠯᠯᠠᠬᠤ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠠᠵᠢᠯ ᠬᠢᠬᠦ ᠶᠢ ᠡᠷᠡᠰ ᠬᠤᠷᠢᠭᠯᠠᠵᠤ᠂ ᠲᠦᠷᠢᠮ ᠲᠣᠭᠲᠠᠭᠠᠯ ᠶᠣᠰᠣᠭᠠᠷ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ ᠦᠨᠡᠨᠬᠦ ᠤᠯᠠᠨ ᠲᠦᠮᠡᠨ ᠳᠤ ᠰᠠᠶᠢᠨ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号