︽ᠨᠠᠮ ᠤᠨ ᠲᠡᠦᠬᠡ ᠶᠢ ᠰᠤᠷᠤᠯᠴᠠᠨ ᠦᠵᠡᠯ ᠰᠠᠨᠠᠭ᠎ᠠ ᠶᠢ ᠣᠶᠢᠯᠠᠭᠠᠵᠤ ᠪᠣᠳᠠᠲᠠᠢ ᠶᠠᠪᠤᠳᠠᠯ ᠬᠢᠵᠦ ᠰᠢᠨ᠎ᠡ ᠪᠠᠶᠢᠳᠠᠯ ᠢ ᠨᠡᠭᠡᠭᠡᠨ᠎ᠡ︾ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶ᠎ᠠ ᠶᠢᠨ ︿ᠪᠢᠴᠢᠯ ᠨᠠᠮ ᠤᠨ ᠬᠢᠴᠢᠶᠡᠯ﹀ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠢᠯᠠᠰ ᠴᠡᠭ ᠤᠯᠠᠨ ᠢᠯᠡᠷᠡᠵᠦ ᠪᠤᠢ
ᠨᠡᠶᠢᠲᠡᠯᠡᠭᠰᠡᠨ ᠴᠠᠭ᠄
2021/3/30
      ︽︿ᠳᠤᠮᠳᠠᠳᠤ ᠤᠯᠤᠰ ᠤᠨ ᠡᠪ ᠬᠠᠮᠲᠤ ᠨᠠᠮ﹀ ᠭᠡᠬᠦ ᠨᠡᠷᠡᠶᠢᠳᠦᠯ ᠢ ᠬᠠᠮᠤᠭ ᠤᠨ ᠡᠷᠲᠡ ᠳᠤᠷᠠᠳᠤᠭᠰᠠᠨ ᠨᠢ ᠼᠠᠢ ᠾᠧ  ᠰᠧᠨ ᠪᠣᠯᠤᠨ᠎ᠠ ᠁︾᠂ 3 ᠰᠠᠷ᠎ᠠ ᠶᠢᠨ 26 ᠤ ᠡᠳᠦᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠳᠦᠭᠡᠷ ᠨᠠᠮ ᠤᠨ ᠡᠭᠦᠷ ︽ᠨᠠᠮ ᠤᠨ ᠭᠡᠰᠢᠭᠦᠨ ᠨᠠᠮ ᠤᠨ ᠥᠯᠢᠭᠡᠷ ᠢ ᠶᠠᠷᠢᠬᠤ︾ ᠠᠵᠢᠯᠯᠠᠭ᠎ᠠ ᠳᠤᠮᠳᠠ ︽ᠳᠤᠮᠳᠠᠳᠤ ᠤᠯᠤᠰ ᠤᠨ ᠡᠪ ᠬᠠᠮᠲᠤ ᠨᠠᠮ︾ ᠭᠡᠬᠦ ᠨᠡᠷᠡᠶᠢᠳᠦᠯ ᠤᠨ ᠢᠷᠡᠯᠲᠡ ᠶᠢ ᠶᠠᠷᠢᠪᠠ᠃
           ᠨᠠᠮ ᠤᠨ ᠦᠯᠢᠭᠡᠷ ᠢ ᠶᠠᠷᠢᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠳᠤᠷᠠᠰᠤᠨ ᠰᠠᠨᠠᠭᠠᠯᠵᠠᠨ᠎ᠠ᠃ ᠨᠠᠮ ᠤᠨ ᠭᠡᠰᠢᠭᠦᠨ ᠡᠭᠡᠯᠵᠢᠯᠡᠨ ᠨᠠᠮ ᠤᠨ ᠦᠯᠢᠭᠡᠷ ᠤᠨ ᠤᠬᠠᠭᠤᠯᠤᠭᠴᠢ ᠶᠢᠨ ᠲᠤᠰᠢᠶᠠᠯ ᠢ ᠡᠭᠦᠷᠭᠡᠯᠡᠵᠦ᠂ ᠭᠠᠷᠠᠭ ᠪᠦᠷᠢ ᠶᠢᠨ ᠲᠥᠪᠯᠡᠷᠡᠭᠦᠯᠦᠨ ᠰᠤᠷᠤᠯᠴᠠᠬᠤ ᠠᠴᠠ ᠡᠮᠦᠨᠡᠬᠢ ᠴᠠᠭ ᠢᠶᠠᠨ ᠠᠰᠢᠭᠯᠠᠵᠤ᠂ ᠶᠠᠷᠢᠶ᠎ᠠ ᠲᠠᠯᠪᠢᠬᠤ᠂ ᠲᠣᠭᠯᠠᠯᠲᠠ ᠭᠠᠷᠭᠠᠬᠤ ᠂ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢ ᠬᠠᠮᠲᠤᠪᠠᠷ ᠡᠷᠭᠢᠴᠡᠭᠦᠯᠵᠦ᠂ ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠶᠢ ᠣᠶᠢᠯᠠᠭᠠᠵᠤ᠂ ᠪᠣᠳᠠᠲᠤ ᠶᠠᠪᠤᠳᠠᠯ ᠬᠢᠵᠦ ᠂ ᠰᠢᠨ᠎ᠡ ᠪᠠᠶᠢᠳᠠᠯ ᠢ ᠨᠡᠭᠡᠭᠡᠨ᠎ᠡ᠃     ᠡᠶᠢᠮᠦᠷᠬᠦ ᠰᠤᠷᠤᠯᠴᠠᠬᠤ ᠬᠡᠯᠪᠡᠷᠢ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠲᠡᠦᠬᠡ ᠰᠤᠷᠴᠤ ᠶᠣᠰᠣ ᠤᠴᠢᠷ ᠢ ᠮᠡᠳᠡᠵᠦ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠦᠨ᠂ ᠬᠦᠰᠡᠯᠡᠩ ᠢᠲᠡᠭᠡᠯ ᠵᠣᠷᠢᠭ ᠢᠶᠠᠨ ᠨᠡᠮᠡᠭᠳᠡᠭᠦᠯᠦᠨ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠬᠤ ᠶᠢ ᠤᠷᠮᠠᠰᠢᠭᠤᠯᠤᠨ ᠵᠣᠷᠢᠭᠵᠢᠭᠤᠯᠵᠤ᠂ ᠡᠭᠦᠨ ᠤ ᠤᠯᠠᠮ ᠠᠴᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠨᠡᠩ ᠰᠠᠶᠢᠲᠤᠷ ᠬᠢᠬᠦ ᠬᠡᠷᠡᠭᠲᠡᠶ᠃     ᠣᠶᠢᠯᠠᠭᠠᠭᠰᠠᠨ ᠢᠶᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠣᠪᠴᠢ ᠠᠪᠰᠠᠷᠬᠠᠨ ︽ᠪᠢᠴᠢᠯ ᠨᠠᠮ ᠤᠨ ᠬᠢᠴᠢᠶᠡᠯ︾ ᠢᠶᠠᠷ ᠳᠠᠮᠵᠢᠭᠤᠯᠤᠨ ᠨᠠᠮ ᠤᠨ ᠲᠡᠤᠬᠡ ᠶᠢ ᠶᠠᠷᠢᠵᠤ᠂ ᠨᠠᠮ ᠤᠨ ᠭᠡᠰᠢᠭᠦᠨ ᠺᠠᠳ᠋ᠷᠴᠤᠳ ᠶᠠᠷᠢᠶᠠᠨ ᠤ ᠬᠡᠯᠪᠡᠷᠢ ᠪᠠᠷ ᠰᠦᠯᠵᠢᠶᠡᠨ ᠤ ᠠᠴᠢᠶᠠᠯᠠᠪᠤᠷᠢ ᠶᠢ ᠥᠷᠭᠡᠨ ᠢᠶᠠᠷ ᠠᠰᠢᠭᠯᠠᠨ᠂ ᠬᠤᠪᠢᠰᠬᠠᠯᠲᠤ ᠥᠯᠢᠭᠡᠷ ᠢ ᠠᠮᠢᠳᠤᠯᠢᠭ ᠢᠶᠠᠷ ᠶᠠᠷᠢᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠡᠤᠬᠡ᠂ ᠰᠢᠨ᠎ᠡ ᠳᠤᠮᠳᠠᠳᠤ ᠤᠯᠤᠰ ᠤᠨ ᠲᠡᠤᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠤᠬᠡ ᠪᠠ ᠨᠡᠶᠢᠭᠡᠮ ᠵᠢᠷᠤᠮ ᠤᠨ ᠬᠥᠭᠵᠢᠯᠲᠡ ᠶᠢᠨ ᠲᠡᠤᠬᠡ ᠶᠢ ᠰᠠᠶᠢᠲᠤᠷ ᠰᠤᠷᠤᠯᠴᠠᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ ᠪᠠᠶᠢᠨ᠎ᠠ᠃    
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号