【 ᠪᠦᠬᠦ ᠤᠯᠤᠰ ᠤᠨ ᠬᠤᠶᠠᠷ ᠬᠤᠷᠠᠯ ᠢ ᠪᠠᠶᠠᠷᠯᠠᠨ ᠤᠭᠲᠤᠨ᠎ᠠ 】 ᠮᠠᠨ ᠤ ᠬᠤᠲᠠ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠢ ᠳᠠᠬᠢᠨ ᠪᠠᠶᠢᠷᠢᠯᠠᠭᠤᠯᠵᠤ ᠳᠠᠬᠢᠨ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2021/3/5
  3 ᠰᠠᠷ᠎ᠠ ᠶᠢᠨ 3 ᠤ ᠡᠳᠦᠷ᠂ ᠮᠠᠨ ᠤ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ 2021 ᠣᠨ ᠤ ᠠᠩᠬᠠᠳᠤᠭᠠᠷ ᠬᠤᠷᠠᠯ ᠬᠤᠷᠠᠯᠳᠤᠵᠤ᠂ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠵᠢᠴᠢ ᠪᠥᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠨ ᠬᠤᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠬᠤᠳᠠ ᠵᠢᠨ‌‍ᠲ᠋ᠡᠳ᠋ ᠳᠠᠷᠤᠭ᠎ᠠ ᠭᠦᠸᠧ ᠫᠢᠩ ᠸᠠᠩ ᠬᠤᠷᠠᠯ ᠳᠤ ᠣᠷᠣᠯᠴᠠᠪᠠ᠃
  ᠬᠤᠷᠠᠯ ᠤᠨ ᠠᠬᠤᠶ ᠲᠠᠯᠠᠪᠠᠢ
       ᠶᠠᠨ ᠬᠤᠩ ᠶᠠᠷᠢᠶ᠎ᠠ ᠲᠠᠯᠪᠢᠵᠠᠢ     ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠤᠯᠤᠰ ᠤᠨ ︽ᠬᠤᠶᠠᠷ ᠬᠤᠷᠠᠯ︾ ᠪᠣᠯ ᠮᠠᠨ ᠤ ᠤᠯᠤᠰ ᠤᠨ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠲᠣᠮᠣ ᠶᠠᠪᠤᠳᠠᠯ ᠮᠥᠨ᠂ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠪᠣᠯ ᠣᠳᠣᠬᠠᠨ ᠤ ᠪᠦᠬᠦ ᠬᠤᠲᠠ ᠶᠢᠨ ᠳᠡᠭᠡᠳᠦ ᠳᠣᠣᠷᠠᠳᠤ ᠱᠠᠲᠤᠨ ᠤ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠃ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠬᠤᠷᠠᠯ ᠤᠨ ᠬᠤᠭᠤᠴᠠᠭᠠᠨ ᠳᠠᠬᠢ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃    ᠬᠤᠷᠠᠯ ᠠᠴᠠ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ︽ᠰᠠᠭᠤᠷᠢ ᠲᠤᠭ᠎ᠠ ᠶᠢ ᠲᠣᠳᠣᠷᠬᠠᠶᠢᠯᠠᠵᠤ᠂ ᠪᠠᠶᠢᠳᠠᠯ ᠢ ᠲᠣᠳᠣᠷᠬᠠᠶᠢᠯᠠᠬᠤ︾ ᠬᠡᠷᠡᠭᠲᠡᠢ︔ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠣᠷᠢᠯᠡᠬᠦ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠶᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠭᠦᠭᠰᠡᠨ ᠠᠵᠢᠯ ᠤᠨ ᠦᠷ᠎ᠡ ᠪᠦᠲᠦᠮᠵᠢ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠶ︔ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ ᠲᠠᠢ ᠵᠣᠯᠭᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠳᠡᠭᠡᠭᠰᠢ ᠰᠤᠷᠪᠤᠯᠵᠢᠯᠠᠬᠤ ᠶᠢ ︽ᠳᠣᠷᠣᠭᠰᠢ ᠪᠠᠭᠤᠵᠤ ᠰᠤᠷᠪᠤᠯᠵᠢᠯᠠᠬᠤ ︾᠂ ︽ᠪᠣᠯᠵᠣᠵᠤ ᠰᠤᠷᠪᠤᠯᠵᠢᠯᠠᠬᠤ︾ ᠪᠣᠯᠭᠠᠨ ᠬᠤᠪᠢᠷᠠᠭᠤᠯᠵᠤ᠂ ᠪᠦᠲᠦᠮᠵᠢᠲᠡᠢ ᠠᠷᠭ᠎ᠠ  ᠬᠡᠮᠵᠢᠶ᠎ᠡ ᠠᠪᠴᠤ ᠪᠠᠶᠢᠭᠠᠳ ᠢᠳᠡᠪᠬᠢᠲᠡᠢ ᠠᠷᠭᠠᠴᠠᠵᠤ᠂ ᠪᠦᠬᠦ ᠤᠯᠤᠰ ᠤᠨ ︽ᠬᠤᠶᠠᠷ ᠬᠤᠷᠠᠯ︾ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠰᠢᠭᠦᠬᠦ  ᠬᠤᠷᠢᠶ᠎ᠠ᠂ ᠪᠠᠶᠢᠴᠠᠭᠠᠬᠤ  ᠬᠤᠷᠢᠶ᠎ᠠ᠂ ᠬᠠᠤᠯᠢ ᠬᠡᠷᠡᠭᠵᠢᠭᠦᠯᠬᠦ  ᠳᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠪᠤᠷᠢ ᠶᠢᠨ  ᠳᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号