︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠦᠪᠲᠦ ᠰᠤᠷᠤᠯᠴᠠᠯᠭ᠎ᠠ
ᠨᠡᠶᠢᠲᠡᠯᠡᠭᠰᠡᠨ ᠴᠠᠭ᠄
2021/3/5
    ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠶ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠰᠢᠢᠳᠪᠣᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠰᠢᠰᠲ᠋ᠧᠮ ᠲᠠᠢ ᠰᠡᠳᠬᠢᠨ ᠰᠦᠪᠡᠭᠴᠢᠯᠡᠬᠦ ᠶᠢᠨ ᠲᠥᠯᠥᠭᠡ᠂ 3 ᠰᠠᠷ᠎ᠠ ᠶᠢᠨ 3 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠦᠨᠳᠦᠰᠦᠲᠡᠨ ᠤ ᠠᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠵᠢᠴᠢ ᠬᠤᠶᠠᠳᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠢ ᠬᠤᠷᠠᠯᠳᠤᠭᠤᠯᠪᠠ᠃
   ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ 2014 ᠣᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ 2019 ᠣᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠪᠠ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ 2014 ᠣᠨ ᠪᠠ 2019 ᠣᠨ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨ ᠭᠦᠨᠵᠡᠭᠡᠶ ᠤᠳᠠᠭᠠᠨ ᠳᠠᠭᠠᠭᠠᠮᠠᠭᠠᠶ ᠪᠠᠷ ᠲᠦᠯᠬᠢᠨ ᠠᠬᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠶ ᠰᠠᠨᠠᠯ︾ ᠢ ᠭᠦᠨᠵᠡᠭᠡᠶ ᠰᠤᠷᠤᠯᠴᠠᠪᠠ᠃ ︽ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠣᠯᠤᠨ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠵᠢᠭᠠᠬᠤ  ᠮᠠᠲ᠋ᠧᠷᠢᠶᠡᠯ︾ ᠤᠨ ᠸᠢᠳᠢᠣ᠋ ᠶᠢ ᠦᠵᠡᠪᠡ᠃     ᠬᠤᠷᠠᠯ ᠠᠴᠠ ᠱᠠᠭᠠᠷᠳᠠᠭᠰᠠᠨ ᠨᠢ᠂ ᠪᠥᠬᠦ ᠨᠠᠮ ᠤᠨ ᠭᠡᠰᠢᠭᠦᠨ ᠨᠥᠬᠦᠳ ᠶᠡᠷᠦᠩᠬᠡᠶ ᠱᠦᠵᠢ ᠰᠢ ᠶᠢᠨ ᠫᠢᠩ ᠶᠢᠨ ᠶᠠᠷᠢᠶᠠᠨ ᠤ ᠵᠣᠷᠢᠭ ᠰᠠᠨᠠᠭ᠎ᠠ᠂ ᠢᠯᠠᠩᠭᠤᠶ᠎ᠠ ᠦᠨᠳᠦᠰᠦᠲᠡᠨ ᠤ ᠠᠵᠢᠯ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠤᠨ ᠲᠤᠬᠠᠶ ᠴᠢᠬᠤᠯᠠ ᠥᠭᠦᠯᠡᠯᠲᠡ ᠲᠠᠢ ᠤᠶᠠᠯᠳᠤᠭᠤᠯᠤᠨ᠂ ᠲᠡᠭᠦᠨ ᠳᠤ ᠠᠭᠤᠯᠤᠭᠳᠠᠵᠤ ᠪᠠᠶᠢᠭ᠎ᠠ ᠯᠤᠲᠤ ᠶᠡᠭᠡ ᠦᠢᠯᠡᠳᠦᠯᠭᠡ ᠶᠢᠨ ᠦᠨ᠎ᠡ ᠥᠷᠲᠡᠭ ᠢ ᠭᠦᠨᠵᠡᠭᠡᠶ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠢᠢᠳᠪᠣᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠶ︔ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠳᠡᠭᠡᠳᠦ ᠬᠡᠮᠵᠢᠶᠡᠨ ᠠᠴᠠ ᠨᠠᠮ ᠤᠨ ᠦᠨᠳᠦᠰᠦᠲᠡᠨ ᠤ ᠠᠵᠢᠯ ᠢ ᠲᠥᠯᠥᠪᠯᠡᠵᠦ᠂ ᠨᠠᠮ ᠤᠨ ᠦᠨᠳᠦᠰᠦᠲᠡᠨ ᠤ ᠣᠨᠣᠯ ᠪᠠ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ᠂ ᠣᠨᠣᠪᠴᠢᠲᠠᠶ᠂ ᠭᠦᠨᠵᠡᠭᠡᠶ ᠳᠣᠣᠱᠯᠠᠭᠤᠯᠣᠨ ᠬᠡᠷᠡᠭᠵᠢᠭᠦᠯᠵᠦ᠂ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠠᠨ ᠤ ᠬᠤᠲᠠ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号