︽ᠪᠦᠬᠦ ᠤᠯᠤᠰ ᠤᠨ ᠬᠤᠶᠠᠷ ᠬᠤᠷᠠᠯ ᠢ ᠪᠠᠶᠠᠷᠯᠠᠨ ᠤᠭᠲᠤᠶ᠎ᠠ︾ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶ᠎ᠠ᠄ ᠤᠯᠠᠨ ᠨᠡᠶᠢᠲᠡ ᠶᠢᠨ ᠠᠮᠤᠷ ᠲᠦᠪᠰᠢᠨ ᠡᠷᠡᠭᠦᠯ ᠬᠠᠮᠠᠭᠠᠯᠠᠯ ᠤᠨ ︽ᠬᠠᠮᠠᠭᠠᠯᠠᠯᠲᠠ ᠶᠢᠨ ᠲᠣᠣᠷ︾ ᠢ ᠨᠢᠭᠲᠠ ᠰᠦᠯᠵᠢᠪᠡ
ᠨᠡᠶᠢᠲᠡᠯᠡᠭᠰᠡᠨ ᠴᠠᠭ᠄
2021/3/5
  ︽ᠬᠤᠶᠠᠷ ᠬᠤᠷᠠᠯ︾ ᠤᠨ ᠬᠤᠭᠤᠴᠠᠭᠠᠨ ᠳᠠᠬᠢ ᠪᠣᠭᠤᠮᠲᠠ ᠶᠢᠨ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 4 ᠤ ᠡᠳᠦᠷ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠷᠢᠳᠴᠢᠯᠠᠨ ᠪᠠᠶᠢᠷᠢᠯᠠᠭᠤᠯᠵᠤ᠂ ᠤᠷᠢᠳᠴᠢᠯᠠᠨ ᠪᠠᠶᠢᠴᠠᠭᠠᠵᠤ᠂ ︽ᠬᠤᠶᠠᠷ ᠬᠤᠷᠠᠯ︾ ᠤᠨ ᠬᠤᠭᠤᠴᠠᠭᠠᠨ ᠳᠠᠬᠢ ᠪᠥᠬᠦ ᠬᠤᠲᠠ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢ ᠦᠨᠡᠨ ᠬᠦ ᠪᠠᠲᠤᠯᠠᠪᠠ᠃
   ᠡᠷᠡᠭᠦᠯᠵᠢᠯ ᠢᠳᠡᠭᠡᠨ ᠢ ᠪᠠᠶᠢᠴᠠᠭᠠᠬᠤ    ᠬᠠᠤᠯᠢ ᠬᠡᠷᠡᠭᠵᠢᠭᠦᠯᠬᠦ ᠠᠵᠢᠯᠲᠠᠨ ᠲᠣᠮᠣ ᠬᠡᠯᠪᠡᠷᠢ ᠶᠢᠨ ᠬᠡᠲᠦ ᠳᠡᠯᠭᠡᠭᠦᠷ᠂ ᠢᠳᠡᠭᠡᠨ ᠤᠮᠳᠠᠭᠠᠨ ᠤ ᠳᠡᠯᠭᠡᠭᠦᠷ᠂ ᠡᠮ ᠤᠨ ᠳᠡᠯᠭᠡᠭᠦᠷ ᠵᠡᠷᠭᠡ ᠳᠤ ᠬᠦᠷᠴᠦ᠂ ᠢᠳᠡᠭᠡᠨ ᠡᠳ᠋ᠰᠢᠭᠦᠯᠦᠨ ᠦᠢᠯᠡᠳᠬᠦ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠴᠡᠪᠡᠷᠯᠡᠬᠦ᠂ ᠬᠤᠭᠤᠯᠠ ᠢᠳᠡᠬᠦ ᠶᠢ ᠬᠠᠮᠢᠶᠠᠷᠬᠤ ᠵᠡᠷᠭᠡ ᠪᠠᠶᠢᠳᠠᠯ ᠳᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠ ᠵᠢᠯᠣᠭᠤᠳᠣᠯᠭ᠎ᠠ ᠬᠢᠵᠦ᠂ ᠢᠳᠡᠭᠡᠨ ᠤᠮᠳᠠᠭᠠᠨ ᠤ ᠨᠢᠭᠡᠴᠡ ᠶᠢ ᠰᠢᠮᠳᠠᠭᠤᠯᠵᠤ ᠪᠠᠶᠢᠭᠠᠳ ᠡᠯ᠎ᠡ  ᠵᠦᠢᠯ ᠤᠨ ᠢᠳᠡᠭᠡᠨ ᠤ ᠠᠮᠤᠷ ᠲᠦᠪᠰᠢᠨ ᠤ ᠲᠦᠷᠢᠮ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠨᠢᠭᠡ ᠲᠠᠯ᠎ᠠ ᠪᠠᠷ ᠢᠳᠡᠭᠡᠨ ᠪᠣᠯᠪᠠᠰᠤᠷᠠᠭᠤᠯᠬᠤ ᠲᠠᠯᠠᠪᠤᠷ ᠤᠨ ᠣᠷᠴᠢᠨ ᠲᠣᠭᠤᠷᠢᠨ ᠬᠢᠭᠡᠳ ᠠᠷᠢᠭᠤᠳᠬᠠᠬᠤ᠂ ᠪᠣᠯᠪᠠᠰᠤᠷᠠᠭᠤᠯᠵᠤ ᠬᠠᠳᠠᠭᠠᠯᠠᠬᠤ ᠲᠥᠬᠦᠭᠡᠷᠦᠮᠵᠢ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠭᠤᠤᠯᠳᠠᠯᠭ᠎ᠠ ᠲᠠᠢ ᠲᠣᠭᠤᠷᠢᠨ ᠪᠠᠶᠢᠴᠠᠭᠠᠯᠲᠠ ᠬᠢᠵᠦ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠡᠯ᠎ᠡ  ᠵᠦᠢᠯ ᠤᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠰᠢᠪᠠᠳᠠᠨ᠎ᠠ᠃ ᠨᠥᠭᠦᠭᠡ ᠲᠠᠯ᠎ᠠ ᠪᠠᠷ ᠣᠨᠴᠠᠭᠠᠶ ᠲᠥᠬᠦᠭᠡᠷᠦᠮᠵᠢ ᠶᠢ ᠨᠠᠷᠢᠨ ᠬᠢᠨᠠᠮᠠᠭᠠᠶ ᠪᠠᠶᠢᠴᠠᠭᠠᠵᠤ᠂ ᠨᠡᠭᠦᠷᠡᠰᠦᠨ ᠬᠡᠶ ᠶᠢ ᠤᠭᠰᠠᠷᠠᠬᠤ ᠵᠢᠴᠢ ᠬᠡᠷᠡᠭᠯᠡᠬᠦ ᠲᠠᠯ᠎ᠠ ᠶᠢᠨ ᠲᠦᠭᠰᠢᠭᠦᠷᠢ ᠶᠢ ᠬᠢᠨᠠᠨ ᠬᠡᠮᠵᠢᠵᠦ ᠰᠤᠭᠤᠯᠤᠨ ᠪᠠᠶᠢᠴᠠᠭᠠᠵᠤ᠂ ᠠᠶᠤᠯᠭᠦᠶ ᠪᠠᠶᠢᠬᠤ ᠶᠢ ᠦᠨᠡᠨ ᠬᠦ ᠪᠠᠲᠤᠯᠠᠨ᠎ᠠ᠃
   ᠭᠠᠯ ᠤᠨᠲᠠᠷᠠᠭᠠᠬᠤ ᠲᠥᠬᠦᠭᠡᠷᠦᠮᠵᠢ ᠶᠢ ᠪᠠᠶᠢᠴᠠᠭᠠᠬᠤ    ᠮᠤᠩ ᠺᠧ ᠯᠦᠩ  ᠴᠢᠯᠦᠬᠡᠳᠦ ᠳᠡᠯᠭᠡᠭᠦᠷ ᠤᠨ ᠬᠠᠤᠯᠢ ᠬᠡᠷᠡᠭᠵᠢᠭᠦᠯᠦᠭᠴᠢ ᠠᠴᠠ ᠡᠵᠡᠩᠨᠡᠯᠲᠡ ᠶᠢᠨ ᠡᠷᠦᠬᠡ ᠶᠢᠨ ᠨᠢᠯᠬ᠎ᠠ ᠬᠡᠤᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢᠨ ᠪᠢᠴᠢᠭ᠂ ᠭᠡᠷᠡᠴᠢ ᠪᠠᠷᠢᠮᠲᠠ ᠠᠪᠤᠭᠰᠠᠨ ᠪᠠ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠵᠤ ᠳᠠᠩᠰᠠᠯᠠᠭᠰᠠᠨ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ︔ ᠡᠵᠡᠩᠨᠡᠯᠲᠡ ᠶᠢᠨ ᠡᠷᠦᠬᠡ ᠶᠢᠨ ᠣᠨᠴᠠᠭᠠᠶ ᠢᠳᠡᠭᠡᠨ ᠢ ᠳᠡᠯᠭᠡᠨ ᠦᠵᠡᠭᠦᠯᠬᠦ ᠪᠠ ᠪᠣᠷᠣᠯᠠᠭᠤᠯᠬᠤ ᠳᠤ ᠲᠤᠰᠬᠠᠶ ᠣᠷᠣᠨ ᠪᠤᠶᠤ ᠲᠤᠰᠬᠠᠶ ᠯᠠᠩᠭᠦᠶ ᠭᠠᠷᠭᠠᠭᠰᠠᠨ ᠡᠰᠡᠬᠦ ᠪᠠ ᠢᠯᠡ ᠬᠠᠷᠠᠭᠳᠠᠬᠤ ᠰᠠᠨᠠᠭᠤᠯᠤᠮᠵᠢ ᠶᠢᠨ ᠫᠠᠶᠢᠰᠠ ᠲᠠᠯᠪᠢᠭᠰᠠᠨ ᠡᠰᠡᠬᠦ᠂ ᠡᠩ ᠤᠨ ᠢᠳᠡᠭᠡᠨ᠂ ᠡᠮ ᠤᠨ ᠵᠦᠢᠯ ᠵᠡᠷᠭᠡ ᠪᠤᠰᠤᠳ ᠲᠠᠸᠠᠷ ᠲᠠᠢ ᠬᠤᠯᠢᠯᠳᠤᠭᠤᠯᠤᠨ ᠪᠣᠷᠣᠯᠠᠭᠤᠯᠬᠤ  ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ᠎ᠠ︔ ᠡᠩ ᠤᠨ ᠢᠳᠡᠭᠡᠨ ᠢᠶᠠᠷ ᠣᠨᠴᠠᠭᠠᠶ ᠢᠳᠡᠭᠡᠨ ᠢ ᠬᠠᠭᠤᠷᠮᠠᠭᠯᠠᠨ ᠣᠷᠣᠯᠠᠭᠤᠯᠬᠤ᠂ ᠵᠥᠪᠰᠢᠶᠡᠷᠡᠯ ᠤᠨ ᠪᠢᠴᠢᠭ ᠤᠨ ᠳ᠋ᠤᠭᠠᠷ ᠢ ᠮᠡᠬᠡᠯᠡᠨ ᠬᠡᠷᠡᠭᠯᠡᠬᠦ ᠪᠠ ᠬᠠᠭᠤᠷᠮᠠᠭᠯᠠᠨ ᠬᠡᠷᠡᠭᠯᠡᠬᠦ᠂ ᠬᠤᠳᠠᠯ ᠬᠠᠭᠤᠷᠮᠠᠭ ᠱᠣᠰᠢᠭ᠎ᠠ᠂ ᠢᠯᠡᠳᠬᠡᠮᠵᠢ ᠲᠡᠮᠳᠡᠭ᠂ ᠵᠡᠭᠦᠯᠳᠡ ᠬᠠᠳᠠᠬᠤ ᠵᠡᠷᠭᠡ ᠬᠤᠳᠠᠯ ᠬᠠᠭᠤᠷᠮᠠᠭ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ᠎ᠠ︔ ᠴᠠᠬᠢᠯᠭᠠᠨ ᠱᠠᠲᠤ ᠶᠢᠨ ᠬᠡᠷᠡᠭᠯᠡᠯᠲᠡ᠂ ᠬᠡᠷᠡᠭᠴᠡᠭᠡ ᠶᠣᠰᠣᠭᠠᠷ ᠪᠠᠲᠤᠯᠠᠬᠤ᠂ ︽ᠳᠠᠭᠠᠳᠬᠠᠯ +  ᠦᠢᠯᠡᠴᠢᠯᠡᠭᠡ︾ ᠶᠢᠨ ᠵᠠᠭᠪᠤᠷ ᠤᠨ ᠥᠭᠡᠷᠡᠴᠢᠯᠡᠯᠲᠡ ᠵᠡᠷᠭᠡ  ᠦᠢᠯᠡ ᠠᠵᠢᠯᠯᠠᠭ᠎ᠠ ᠶᠢ ᠪᠠᠶᠢᠴᠠᠭᠠᠨ᠎ᠠ
   ᠡᠮ ᠤᠨ ᠳᠡᠯᠭᠡᠭᠦᠷ ᠲᠤ ᠡᠮ ᠤᠨ ᠵᠦᠢᠯ ᠬᠤᠳᠠᠯᠳᠤᠨ ᠠᠪᠤᠭᠰᠠᠨ ᠲᠡᠮᠳᠡᠭᠯᠡᠯ ᠢ ᠪᠠᠢᠴᠠᠭᠠᠨ᠎ᠠ᠃    ᠪᠥᠬᠦ ᠤᠯᠤᠰ ᠤᠨ ︽ᠬᠤᠶᠠᠷ ᠬᠤᠷᠠᠯ︾ ᠬᠤᠷᠠᠯᠳᠤᠬᠤ ᠬᠤᠭᠤᠴᠠᠭᠠᠨ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠪ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠶᠢᠨ ᠬᠠᠮᠲᠤ᠂ ᠬᠤᠲᠠ ᠶᠢᠨ ᠳᠣᠲᠣᠷᠠᠬᠢ ᠬᠡᠲᠦ ᠳᠡᠯᠭᠡᠭᠦᠷ᠂ ᠬᠤᠭᠤᠯᠠᠨ ᠬᠡᠷ᠂ ᠬᠤᠯᠢᠰᠢᠨ ᠢᠳᠡᠭᠡᠨ ᠤ ᠳᠡᠯᠭᠡᠭᠦᠷ ᠵᠡᠷᠭᠡ ᠢᠳᠡᠭᠡᠨ ᠤ ᠡᠵᠡᠩᠨᠡᠯᠲᠡ ᠶᠢᠨ ᠨᠢᠭᠡᠴᠡ ᠳᠤ ᠬᠢᠨᠠᠯᠲᠠ ᠬᠠᠮᠢᠶᠠᠷᠤᠯᠲᠠ ᠪᠠᠨ ᠤᠷᠲᠤᠳᠬᠠᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠣᠬᠤᠷ ᠪᠠᠯᠠᠶ ᠭᠠᠵᠠᠷ ᠥᠬᠡᠶ᠂ ᠪᠦᠬᠦᠨ ᠢ ᠬᠠᠮᠤᠷᠬᠤ ᠶᠢ ᠦᠨᠡᠨ ᠬᠦ ᠪᠠᠲᠤᠯᠠᠵᠤ᠂ ︽ᠬᠤᠶᠠᠷ ᠬᠤᠷᠠᠯ︾ ᠤᠨ ᠬᠤᠭᠤᠴᠠᠭᠠᠨ ᠳᠤ ︽ᠥᠴᠦᠬᠡᠨ ᠴᠦ ᠲᠦᠭᠰᠢᠭᠦᠷᠢ ᠥᠬᠡᠶ︾᠂ ︽ᠥᠴᠦᠬᠡᠨ ᠴᠦ ᠵᠠᠭᠠᠯᠳᠤᠯᠭ᠎ᠠ ᠥᠬᠡᠶ︾᠂ ︽ᠥᠴᠦᠬᠡᠨ ᠴᠦ ᠠᠳᠡᠯ ᠥᠬᠡᠶ︾ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃    
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号