ᠦᠷᠭᠦᠯᠵᠢᠯᠡᠨ ᠠᠬᠢᠭᠤᠯᠤᠨ᠎ᠠ︕ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠨᠠᠩ ᠰᠠᠶᠢᠨ ᠰᠢᠯᠢᠳᠡᠭᠵᠢᠬᠦᠯᠦᠶ᠎ᠡ
ᠨᠡᠶᠢᠲᠡᠯᠡᠭᠰᠡᠨ ᠴᠠᠭ᠄
2021/3/8
       ᠰᠢ ᠶᠢᠨ ᠫᠢᠩ ᠶᠡᠷᠦᠩᠬᠡᠶ ᠱᠦᠵᠢ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ  ᠰᠢᠢᠳᠪᠣᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠳᠣᠯᠠᠳᠠ᠂ 3 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠠᠩ ᠴᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠷᠠᠭᠠᠴᠢ ᠶᠢᠨ ᠱᠠᠲᠤᠨ ᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠣᠣ ᠵᠢᠶᠠ ᠶᠤᠸᠠᠨ᠂ ᠬᠤᠲᠠ ᠶᠢᠨ ᠳᠡᠳ᠋ ᠳᠠᠷᠤᠭ᠎ᠠ  ᠴᠣᠭᠵᠢᠯ᠂ ᠭᠦᠸᠧ ᠫᠢᠩ ᠸᠠᠩ ᠬᠤᠷᠠᠯ ᠳᠤ ᠣᠷᠣᠯᠴᠠᠪᠠ᠃
          ᠬᠤᠷᠠᠯ ᠤᠨ ᠠᠬᠤᠶ ᠲᠠᠯᠠᠪᠠᠢ
     ᠯᠢᠦ ᠴᠠᠩ ᠴᠦᠨ ᠶᠠᠷᠢᠶ᠎ᠠ ᠲᠠᠯᠪᠢᠪᠠ     ᠬᠤᠷᠠᠯ ᠠᠴᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠯ ᠨᠢᠭᠡᠨ ᠤᠷᠳᠤ ᠬᠤᠭᠤᠴᠠᠭᠠᠨ ᠤ ᠰᠢᠰᠲ᠋ᠧᠮᠲᠦ ᠴᠢᠨᠠᠷᠲᠠᠢ ᠢᠨᠵᠧᠨᠧᠷᠢᠩ ᠪᠣᠯᠤᠨ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠰᠠᠭᠤᠳᠠᠯ ᠤᠨ ᠳᠤᠲᠠᠭᠤᠳᠠᠯ ᠢ ᠭᠦᠨᠵᠡᠭᠡᠢ ᠡᠷᠢᠵᠦ᠂ ᠪᠠᠶᠢᠳᠠᠯ ᠡᠭᠦᠷᠭᠡ ᠶᠢ ᠴᠢᠨᠠᠭᠰᠢᠳᠠ ᠲᠣᠳᠣᠷᠬᠠᠶᠢᠯᠠᠵᠤ᠂ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃     ᠬᠤᠷᠠᠯ ᠠᠴᠠ᠂ ᠠᠰᠠᠭᠤᠳᠠᠯ ᠢ ᠤᠨᠢᠨ ᠳᠡᠭᠡᠷ᠎ᠡ ᠨᠢ ᠡᠷᠢᠵᠦ᠂ ᠳᠡᠭᠡᠳᠦ ᠱᠠᠲᠤᠨ ᠤ ᠱᠠᠯᠠᠪᠳᠠᠭᠤᠯᠤᠨ ᠪᠠᠶᠢᠴᠠᠭᠠᠬᠤ ᠪᠠ ᠥᠪᠡᠷ ᠤᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠲᠠᠢ ᠬᠠᠷᠢᠴᠠᠭᠤᠯᠵᠤ᠂ ᠨᠢᠭᠡᠳ ᠨᠢᠭᠡ ᠪᠠᠷ ᠡᠮᠬᠢᠯᠡᠨ ᠵᠠᠳᠠᠯᠵᠤ᠂ ᠡᠭᠦᠷᠭᠡ ᠪᠠᠨ ᠲᠣᠳᠣᠷᠬᠠᠶᠢᠯᠠᠨ ᠨᠠᠷᠢᠯᠢᠬᠵᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠦᠷᠭᠡᠳᠬᠡᠬᠦ ᠬᠡᠷᠡᠭᠲᠡᠢ︔ ᠠᠷᠭ᠎ᠠ ᠬᠡᠮᠵᠢᠶ᠎ᠡ ᠶᠢ ᠲᠣᠭᠲᠠᠭᠠᠬᠤ ᠳᠠᠭᠠᠨ ᠠᠮᠢᠳᠣᠯᠢᠭ ᠪᠥᠭᠡᠳ ᠪᠣᠳᠠᠲᠠᠶ ᠪᠠᠶᠢᠵᠤ᠂  ᠬᠦᠢᠴᠡᠳᠬᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠡᠷᠡᠭ ᠬᠦᠢᠴᠡᠳᠬᠡᠬᠦ ᠶᠠᠪᠤᠴᠠ ᠶᠢ ᠳᠥᠭᠦᠮᠴᠢᠯᠡᠨ ᠰᠢᠯᠢᠳᠡᠭᠵᠢᠭᠦᠯᠬᠦ ᠬᠡᠷᠡᠭᠲᠡᠶ︔ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠢᠮᠠᠭᠲᠠ ᠴᠢᠬᠤᠯᠠ ᠠᠵᠢᠯ ᠪᠣᠯᠭᠠᠨ ᠠᠳᠬᠤᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ︽ᠨᠢᠭᠡᠳᠦᠭᠡᠷ ᠭᠠᠷ︾ ᠡᠷᠬᠡᠪᠰᠢ ᠪᠡᠶ᠎ᠡ ᠪᠠᠷ ᠢᠶᠠᠨ ᠰᠤᠳᠤᠯᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠵᠣᠬᠢᠴᠠᠭᠤᠯᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠰᠢᠪᠲᠤᠯᠤᠯᠲᠠ ᠪᠠᠷ ᠪᠦᠬᠦ᠋ᠢᠯᠡ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠲᠦᠷᠭᠡᠨ ᠢᠶᠠᠷ ᠳᠡᠭᠡᠭᠰᠢᠯᠡᠬᠦ ᠶᠢ ᠳᠠᠶᠢᠴᠢᠯᠠᠨ᠂ ᠯᠠᠪᠳᠠᠭᠤᠨ ᠪᠠᠲᠤᠲᠠᠶ ᠠᠵᠢᠯ ᠤᠨ ᠦᠷ᠎ᠡ ᠪᠦᠲᠦᠮᠵᠢ ᠪᠠᠷ ᠮᠠᠨ ᠤ ᠬᠤᠲᠠ ᠶᠢᠨ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠡᠶ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号