ᠬᠤᠳᠠ ᠶᠢᠨ ᠡᠮᠡᠭᠲᠡᠶᠢᠴᠦᠳ ᠤᠨ ᠬᠤᠯᠪᠣᠭ᠎ᠠ ︽3 · 8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠵᠠᠢ
ᠨᠡᠶᠢᠲᠡᠯᠡᠭᠰᠡᠨ ᠴᠠᠭ᠄
2021/3/8
    3 ᠰᠠᠷ᠎ᠠ ᠶᠢᠨ 6 ᠤ ᠡᠳᠦᠷ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠭᠤᠤᠯᠯᠠᠨ ᠡᠷᠭᠢᠯᠡᠵᠦ᠂ ᠬᠤᠲᠠ ᠶᠢᠨ ᠤᠯᠠᠭᠠᠨᠮᠥ᠋ᠴᠢᠷ᠂ ᠵᠢᠨ‌‍ᠰᠦ᠋ᠢ ᠾᠧ ᠦᠨᠳᠦᠰᠦᠲᠡᠨ ᠤ ᠬᠤᠪᠴᠠᠰᠤ ᠵᠠᠰᠠᠯ ᠤᠨ ᠲᠤᠰᠬᠠᠶ ᠬᠤᠷᠰᠢᠶ᠎ᠠ᠂ ᠢᠯᠢᠨ ᠵᠠᠰᠠᠯ ᠴᠢᠮᠡᠭᠯᠡᠯ ᠤᠨ ᠦᠨᠳᠦᠰᠦᠲᠡᠨ ᠤ ᠬᠤᠪᠴᠠᠰᠤ ᠵᠠᠰᠠᠯ ᠤᠨ ᠬᠢᠵᠠᠭᠠᠷᠲᠤ ᠺᠣᠮᠫᠠᠨᠢ ᠶᠢᠨ ᠬᠠᠮᠵᠢᠯᠴᠠᠨ ᠡᠷᠭᠢᠯᠡᠭᠰᠡᠨ ︽ᠨᠠᠮ ᠤᠨ ᠲᠥᠯᠥᠭᠡ ᠰᠠᠳᠬᠢᠯ ᠨᠢᠭᠡᠳᠠᠢ᠂ ᠳᠡᠮᠡᠴᠡᠯ ᠤᠨ ᠰᠢᠨ᠎ᠡ ᠠᠶᠠᠨ ᠢ ᠡᠬᠢᠯᠡᠬᠦᠯᠬᠦ︾ ︽3 · 8︾ ᠤ ᠳᠡᠯᠡᠬᠡᠶ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠦᠪᠡᠳᠡᠭᠰᠢ ᠶᠡᠭᠡ ᠪᠠᠷ ᠶᠠᠪᠤᠭᠳᠠᠪᠠ᠃
ᠯᠢᠦ ᡁᠢ ᠫᠢᠩ᠂ ᠯᠦ ᠪᠦᠦ ᠳ᠋ᠦᠩ ᠵᠡᠷᠭᠡ ᠬᠤᠲᠠ ᠶᠢᠨ ᠤᠳᠤᠷᠢᠳᠤᠯᠭ᠎ᠠ ᠦᠳᠡᠰᠢᠯᠡᠭᠡ ᠳᠤ ᠣᠷᠣᠯᠴᠠᠪᠠ    ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢᠦ ᡁᠢ ᠫᠢᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠤᠲᠠ ᠶᠢᠨ ᠤᠳᠤᠷᠢᠳᠤᠯᠭ᠎ᠠ ᠶᠠᠩ ᠶᠢᠨ ᠷᠦᠢ᠂ ᠨᠠᠷᠠᠨᠳᠠᠨ᠎ᠠ᠂ ᠯᠢᠦ ᠴᠠᠩ ᠴᠦᠨ᠂ ᠮᠦᠸᠧ ᠬᠤᠩ ᠵᠢᠶᠦ᠋ᠨ᠂ ᠤᠯᠠᠭᠠᠨ᠂ ᠵᠣᠣ ᠵᠢᠶᠠ ᠶᠤᠸᠠᠨ᠂ ᠯᠢᠦ ᠱᠢ ᠱᠧᠩ᠂ ᠳ᠋ᠦᠩ ᠵᠢᠶᠧ ᠹᠧᠩ᠂ ᠴᠣᠭᠵᠢᠯ᠂ ᠰᠦᠨ ᠰᠢᠶᠠᠩ ᠳ᠋ᠦᠩ᠂ ᠪᠠᠶ ᠱᠣ᠋ ᠮᠢᠩ᠂ ᠰᠢᠯᠢᠨᠪᠠᠭᠠᠳᠣᠷ ᠪᠥᠬᠦ ᠬᠤᠲᠠ ᠶᠢᠨ ᠡᠯ᠎ᠡ ᠹᠷᠣᠨᠲ ᠤᠨ ᠡᠮᠡᠭᠲᠡᠶᠢᠴᠦᠳ ᠤᠨ ᠲᠥᠯᠥᠭᠡᠯᠡᠭᠴᠢᠳ ᠲᠠᠢ ᠬᠠᠮᠲᠤ ᠪᠠᠷ ᠦᠳᠡᠰᠢᠯᠡᠭᠡ ᠶᠢ ᠰᠣᠨᠢᠷᠬᠠᠭᠰᠠᠨ ᠪᠥᠭᠡᠳ ︽3 · 8︾ ᠶᠢᠨ ᠤᠯᠠᠭᠠᠨ ᠲᠤᠭᠴᠢ᠂ ᠡᠮᠡᠭᠲᠡᠶ ᠭᠠᠪᠢᠶ᠎ᠠ ᠪᠠᠶᠢᠭᠤᠯᠤᠭᠰᠠᠨ ᠵᠢᠱᠢᠶᠡᠴᠢ᠂ ︽3 · 8︾ ᠶᠢᠨ ᠤᠯᠠᠭᠠᠨ ᠲᠤᠭ ᠬᠠᠮᠲᠤ ᠨᠡᠶᠢᠲᠡ᠂ ᠡᠮᠡᠭᠲᠡᠶ ᠭᠠᠪᠢᠶ᠎ᠠ ᠪᠠᠶᠢᠭᠤᠯᠤᠭᠰᠠᠨ ᠲᠡᠷᠢᠭᠦᠨ ᠤ ᠬᠠᠮᠲᠤ ᠶᠢᠨ ᠬᠤᠪᠢ ᠬᠥᠮᠦᠨ ᠪᠠ ᠬᠠᠮᠲᠤ ᠨᠡᠶᠢᠲᠡ ᠳᠤ ᠱᠠᠩᠨᠠᠯ ᠭᠠᠷᠳᠠᠭᠤᠯᠪᠠ᠃
   ᠯᠢᠦ ᡁᠢ ᠫᠢᠩ ᠡᠷᠢᠶᠡᠨ ᠬᠤᠲᠠ ᠶᠢᠨ 2020 ᠣᠨ ᠤ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠲᠡᠷᠢᠭᠦᠨ ᠤ ᠬᠠᠮᠲᠤ ᠨᠡᠶᠢᠲᠡ ᠳᠤ ᠱᠠᠩᠨᠠᠯ ᠭᠠᠷᠳᠠᠭᠤᠯᠪᠠ
  ᠯᠦ ᠪᠦᠦ ᠳ᠋ᠦᠩ ᠡᠷᠢᠶᠡᠨ ᠬᠤᠲᠠ ᠶᠢᠨ 2020 ᠣᠨ ᠤ ︽3 · 8︾ ᠤ ᠤᠯᠠᠭᠠᠨ ᠲᠤᠭ ᠤᠨ ᠬᠠᠮᠲᠤ ᠶᠢᠨ ᠱᠠᠩᠨᠠᠯ ᠢ ᠭᠥᠷᠳᠡᠪᠡ
    ᠶᠠᠩ ᠶᠢᠨ ᠷᠦᠢ ᠪᠠᠶᠠᠷ ᠤᠨ ᠦᠭᠡ ᠬᠡᠯᠡᠪᠡ     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠶᠠᠩ ᠶᠢᠨ ᠷᠦᠢ ᠪᠠᠶᠠᠷ ᠤᠨ ᠦᠭᠡ ᠬᠡᠯᠡᠵᠦ᠂ ᠬᠤᠲᠠ ᠶᠢᠨ ᠳᠥᠷᠪᠡᠨ ᠶᠡᠭᠡ ᠪᠠᠭ ᠤᠨ ᠡᠮᠦᠨ᠎ᠡ ᠠᠴᠠ ᠪᠥᠬᠦ ᠬᠤᠲᠠ ᠶᠢᠨ ᠡᠮᠡᠭᠲᠡᠶ ᠨᠥᠬᠦᠳ ᠪᠠ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷᠴᠤᠳ ᠲᠤ ᠴᠢᠩ ᠰᠡᠳᠬᠢᠯ ᠤᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠵᠦ᠂ ᠬᠥᠬᠢᠭᠦᠯᠦᠯ ᠭᠥᠷᠳᠡᠭᠰᠡᠨ ᠭᠠᠷᠮᠠᠭᠠᠶ ᠡᠮᠡᠭᠲᠡᠶ ᠪᠠ ᠲᠡᠷᠢᠭᠦᠨ ᠤ ᠬᠠᠮᠲᠤ ᠳᠤ ᠬᠠᠯᠠᠭᠤᠨ ᠪᠠᠶᠠᠷ ᠬᠦᠷᠭᠡᠵᠦ᠂ ᠮᠠᠨ ᠤ ᠬᠤᠲᠠ ᠶᠢᠨ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢ ᠣᠷᠳᠣ ᠬᠤᠭᠤᠴᠠᠭ᠎ᠠ ᠪᠠᠷ ᠬᠠᠯᠠᠮᠵᠢᠯᠠᠨ ᠳᠡᠮᠵᠢᠭᠰᠡᠨ ᠡᠯ᠎ᠡ ᠱᠠᠲᠤᠨ ᠤ ᠤᠳᠤᠷᠢᠳᠤᠯᠭ᠎ᠠ ᠪᠠ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃     2020 ᠣᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠳᠣᠣᠷ᠎ᠠ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠬᠤᠳᠠ ᠶᠢᠨ ᠡᠮᠡᠭᠲᠡᠶᠢᠴᠦᠳ ᠬᠡᠦᠬᠡᠳ ᠤᠨ ᠦᠢᠯᠡᠰ ᠥᠷᠨᠢᠭᠦᠨ ᠬᠥᠭᠵᠢᠵᠦ᠂ ᠨᠡᠩ ᠯᠠᠪᠳᠠᠭᠤᠨ ᠪᠠᠲᠤᠲᠠᠢ ᠠᠯᠬᠤᠮ ᠢ ᠠᠯᠬᠤᠨ᠎ᠠ᠃ ᠡᠨᠡ ᠨᠢᠭᠡ ᠵᠢᠯ ᠳᠤ᠂ ᠪᠦᠬᠦ ᠬᠤᠳᠠ ᠶᠢᠨ ᠡᠮᠡᠭᠲᠡᠢ ᠨᠥᠬᠦᠳ ᠬᠤᠳᠠ ᠶᠢᠨ ᠨᠠᠮ ᠤᠨ ᠬᠤᠷᠢᠶ᠎ᠠ ᠶᠢᠨ ᠭᠤᠣᠯ ᠠᠵᠢᠯ ᠤᠨ ᠲᠣᠭᠤᠷᠢᠨ ᠳᠤ ᠬᠦᠴᠢᠷ ᠢ ᠰᠦᠷᠦᠨ ᠤᠷᠤᠭᠰᠢᠯᠠᠵᠤ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ︽ᠭᠤᠷᠪᠠᠨ ᠬᠤᠳᠠ ᠨᠢᠭᠡ ᠭᠠᠷᠠᠮ︾ ᠢ ᠡᠭᠦᠳᠦᠨ ᠪᠠᠶᠢᠭᠤᠯᠬᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠮᠦᠨ᠎ᠡ ᠹᠷᠣᠨᠲ ᠲᠤ ᠢᠳᠡᠪᠬᠢᠲᠡᠢ ᠣᠷᠣᠯᠴᠠᠵᠤ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠭᠤᠣᠯ ᠳᠠᠶᠢᠯᠠᠯᠳᠤᠭᠠᠨ ᠤ ᠲᠠᠯᠠᠪᠤᠷ ᠲᠤ ᠣᠷᠣᠯᠴᠠᠵᠤ᠂ ᠡᠮᠡᠭᠲᠡᠶᠢᠴᠦᠳ ᠤᠨ ᠬᠦᠴᠦᠨ ᠴᠢᠳᠠᠯ ᠢ ᠡᠷᠭᠦᠵᠦ᠂ ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠪᠡ᠃ ᠡᠨᠡ ᠨᠢᠭᠡ ᠵᠢᠯ ᠳᠤ᠂ ᠪᠦᠬᠦ ᠬᠤᠲᠠ ᠶᠢᠨ ᠡᠯ᠎ᠡ ᠱᠠᠲᠤᠨ ᠤ ᠡᠮᠡᠭᠲᠡᠶᠢᠴᠦᠳ ᠤᠨ ᠵᠣᠬᠢᠶᠠᠨ ᠪᠠᠶᠢᠭᠤᠯᠤᠯᠲᠠ ᠴᠠᠭ ᠦᠶ᠎ᠡ ᠶᠢᠨ ᠬᠥᠭᠵᠢᠯᠲᠡ ᠶᠢᠨ ᠭᠤᠣᠯ ᠬᠥᠭ ᠠᠶᠠᠰ ᠲᠠᠢ ᠨᠢᠭᠲᠠ ᠤᠶᠠᠯᠳᠤᠭᠤᠯᠤᠨ᠂ ᠡᠮᠡᠭᠲᠡᠶᠢᠴᠦᠳ ᠤᠨ ᠰᠡᠳᠬᠢᠯ ᠤᠨ ᠳᠠᠭᠤᠨ ᠢ ᠰᠣᠨᠣᠰᠴᠤ᠂ ᠡᠮᠡᠭᠲᠡᠶᠢᠴᠦᠳ ᠲᠤ ᠦᠢᠯᠡᠴᠢᠯᠡᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠡᠮᠡᠭᠲᠡᠶᠢᠴᠦᠳ ᠤᠨ ᠦᠢᠯᠡᠰ ᠪᠤᠰᠬᠠᠬᠤ᠂ ᠡᠮᠡᠭᠲᠡᠶᠢᠴᠦᠳ ᠤᠨ ᠡᠳ᠋ ᠤᠨ ᠶᠠᠪᠤᠳᠠᠯ ᠢ ᠬᠠᠮᠢᠶᠠᠷᠬᠤ᠂ ᠡᠮᠡᠭᠲᠡᠶᠢᠴᠦᠳ ᠤᠨ ᠤᠬᠠᠭᠤᠯᠭ᠎ᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠲᠠᠯ᠎ᠠ ᠪᠠᠷ ᠬᠢᠯᠠᠰ ᠴᠡᠭ ᠤᠯᠠᠠ ᠢᠯᠡᠷᠡᠵᠦ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠵᠠᠮ ᠨᠡᠭᠡᠭᠡᠨ ᠤᠷᠤᠭᠰᠢᠯᠠᠬᠤ᠂ ᠤᠶᠤᠨ ᠪᠢᠯᠢᠭ ᠢᠷᠠᠭᠤ ᠰᠠᠶᠢᠬᠠᠨ ᠪᠠᠶᠢᠬᠤ ᠴᠠᠭ ᠦᠶ᠎ᠡ ᠶᠢᠨ ᠷᠢᠳᠢ ᠰᠢᠳᠢ ᠶᠢ ᠭᠦᠢᠴᠡᠳ ᠢᠯᠡᠷᠡᠭᠦᠯᠵᠦ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠡᠢ᠃ 2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠡᠬᠢᠯᠡᠯᠲᠡ ᠶᠢᠨ ᠵᠢᠯ ᠮᠥᠨ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠰᠢ ᠤᠷᠤᠭᠰᠢᠯᠠᠬᠤ ᠶᠢᠨ ᠡᠬᠢᠯᠡᠯᠲᠡ ᠶᠢᠨ ᠵᠢᠯ ᠮᠥᠨ᠂ ᠪᠠᠰᠠ ᠴᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠃ ᠪᠥᠬᠦ ᠬᠤᠲᠠ ᠶᠢᠨ ᠡᠮᠡᠭᠲᠡᠶ ᠨᠥᠬᠦᠳ ᠬᠠᠭᠠᠰ ᠲᠩᠷᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠤᠬᠠᠭᠤᠯᠭ᠎ᠠ ᠶᠢᠨ ᠭᠤᠤᠯ ᠰᠢᠵᠢᠮ ᠤᠨ ᠲᠣᠭᠤᠷᠢᠨ ᠳᠤ ᠰᠢᠷᠢᠰ ᠭᠤᠤᠯ ᠰᠡᠳᠦᠪᠲᠦ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠣᠭ ᠰᠠᠨᠠᠭ᠎ᠠ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠰᠠᠬᠢᠵᠤ᠂ ᠬᠥᠭᠵᠢᠯᠲᠡ ᠶᠢ ᠳᠥᠯᠭᠢᠨ ᠠᠬᠢᠭᠤᠯᠬᠤ᠂ ᠶᠡᠭᠡ ᠲᠠᠯ᠎ᠠ ᠳᠤ  ᠦᠢᠯᠡᠴᠢᠯᠡᠬᠦ ᠳᠤᠮᠳᠠ ᠨᠠᠩ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠮᠡᠭᠲᠡᠶᠢᠴᠦᠳ ᠬᠡᠤᠬᠡᠳ ᠢ ᠨᠠᠩ ᠪᠦᠲᠦᠮᠵᠢᠲᠡᠶ ᠪᠠᠷ ᠰᠠᠶᠢᠲᠤᠷ ᠬᠠᠮᠠᠭᠠᠯᠠᠵᠤ᠂ ᠰᠠᠶᠢᠲᠤᠷ ᠦᠢᠯᠡᠴᠢᠯᠡᠬᠦ ᠬᠡᠷᠡᠭᠲᠡᠶ᠃ ᠰᠢᠷᠭᠠᠭᠤ ᠰᠤᠷᠤᠯᠴᠠᠨ᠂ ᠬᠡᠪ ᠴᠢᠨᠠᠷ ᠢᠶᠠᠨ ᠳᠡᠭᠡᠭᠰᠢᠯᠡᠭᠦᠯᠵᠦ ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠭᠡᠷ ᠪᠦᠯᠢ ᠪᠠᠨ ᠬᠠᠶᠢᠷᠠᠯᠠᠨ ᠬᠠᠯᠠᠮᠵᠢᠯᠠᠵᠤ᠂ ᠨᠡᠶᠢᠭᠡᠮ ᠳᠤ ᠬᠤᠪᠢ ᠨᠡᠮᠡᠷᠢ ᠦᠵᠡᠭᠦᠯᠵᠦ᠂ ᠲᠤᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠵᠦ᠂ ᠭᠡᠷᠡᠯ ᠭᠢᠯᠪᠠᠭ᠎ᠠ ᠪᠠᠨ ᠰᠠᠴᠤᠷᠠᠭᠤᠯᠤᠭᠰᠠᠨ ᠠᠮᠢᠳᠤᠷᠠᠯ ᠢᠶᠠᠨ ᠲᠡᠮᠡᠴᠡᠨ ᠤᠯᠬᠤ ᠬᠡᠷᠡᠭᠲᠡᠶ᠃ ᠳᠡᠭᠡᠳᠦ ᠱᠠᠲᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠦ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠲᠤ ᠲᠦᠰᠢᠭᠯᠡᠨ ᠡᠮᠡᠭᠲᠡᠢ ᠨᠥᠬᠦᠳ ᠢ ᠵᠣᠬᠢᠶᠠᠨ ᠪᠠᠶᠢᠭᠤᠯᠤᠨ ᠬᠦᠳᠦᠯᠦᠨ ᠳᠠᠭᠠᠭᠤᠯᠵᠤ ᠶᠡᠭᠡ ᠲᠠᠯ᠎ᠠ ᠶᠢᠨ ᠲᠣᠭᠤᠷᠢᠨ ᠳᠤ ᠬᠦᠳᠦᠯᠦᠨ ᠳᠠᠭᠠᠭᠤᠯᠵᠤ᠂ ᠡᠮᠡᠭᠲᠡᠢ ᠨᠥᠬᠦᠳ ᠢ ᠬᠦᠳᠦᠯᠦᠨ ᠵᠢᠯᠣᠭᠤᠳᠴᠤ ᠪᠠᠶᠢᠭᠠᠳ ᠳᠤᠮᠳᠠᠳᠤ ᠤᠯᠤᠰ ᠤᠨ ᠤᠮᠠᠷᠠᠲᠤ ᠶᠢᠨ ᠲᠡᠷᠢᠭᠦᠨ ᠤ ᠬᠢᠯᠢ ᠶᠢᠨ ᠪᠣᠭᠤᠮᠲᠠ ᠶᠢ ᠡᠭᠦᠳᠬᠦ ᠪᠠᠷ ᠴᠢᠷᠮᠠᠶᠢᠬᠤ ᠳᠤᠮᠳᠠ ᠳᠠᠬᠢᠨᠲᠠ ᠰᠢᠯᠢᠳᠡᠭ ᠠᠮᠵᠢᠯᠲᠠ᠂ ᠳᠠᠬᠢᠨᠲᠠ ᠰᠢᠨ᠎ᠡ ᠭᠠᠪᠢᠶ᠎ᠠ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃
    ᠨᠠᠷᠠᠨᠳᠠᠨ᠎ᠠ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠪᠠ   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ  ᠨᠠᠷᠠᠨᠳᠠᠨ᠎ᠠ ᠬᠤᠲᠠ ᠶᠢᠨ ︽ᠨᠠᠮ ᠤᠨ ᠲᠥᠯᠥᠭᠡ ᠰᠠᠳᠬᠢᠯ ᠨᠢᠭᠡᠳᠠᠢ᠂ ᠳᠡᠮᠡᠴᠡᠯ ᠤᠨ ᠰᠢᠨ᠎ᠡ ᠠᠶᠠᠨ ᠢ ᠡᠬᠢᠯᠡᠬᠦᠯᠬᠦ︾ ᠭᠡᠬᠦ ᠭᠤᠷᠪᠠᠨ ᠰᠠᠷ᠎ᠠ ᠶᠢᠨ ᠨᠠᠢᠮᠠᠨ ᠤ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃ ᠪᠦᠬᠦ ᠬᠤᠳᠠ ᠶᠢᠨ 20 ᠨᠥᠬᠦᠳ 2020 ᠣᠨ ᠤ ︽3 · 8 ᠤ ᠤᠯᠠᠭᠠᠨ ᠲᠤᠭᠴᠢ︾ ᠶᠢᠨ ᠢᠷᠠᠭᠤ ᠠᠯᠳᠠᠷ ᠤᠨ ᠴᠣᠯᠠ ᠶᠢ ᠬᠦᠷᠲᠡᠵᠦ᠂ 10 ᠨᠥᠬᠦᠳ ︽ᠡᠮᠡᠭᠲᠡᠶᠢᠴᠦᠳ ᠤᠨ ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ ᠶᠢ ᠬᠦᠷᠲᠡᠵᠦ᠂ 10 ᠨᠢᠭᠡᠴᠡ ᠨᠢ ︽3 · 8  ᠤ ᠤᠯᠠᠭᠠᠨ ᠲᠤᠭ ᠤᠨ ᠬᠠᠮᠲᠤ ᠨᠠᠶᠢᠳᠠ︾ ᠶᠢᠨ ᠢᠷᠠᠭᠤ ᠠᠯᠳᠠᠷ ᠤᠨ ᠴᠣᠯᠠ ᠶᠢ ᠬᠦᠷᠲᠡᠵᠦ᠂ 5 ᠨᠢᠭᠡᠴᠡ ᠨᠢ ︽ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠲᠡᠷᠢᠭᠦᠨ ᠤ ᠬᠠᠮᠲᠤ ᠨᠠᠶᠢᠳᠠ︾ ᠶᠢᠨ ᠢᠷᠠᠭᠤ ᠠᠯᠳᠠᠷ ᠤᠨ ᠴᠣᠯᠠ ᠶᠢ ᠬᠦᠷᠲᠡᠪᠡ᠃
   ᠳ᠋ᠦᠩ ᠵᠢᠶᠧ ᠹᠤᠩ᠂ ᠰᠦᠨ ᠰᠢᠶᠠᠩ ᠳ᠋ᠦᠩ ᠡᠷᠢᠶᠡᠨ ᠬᠤᠲᠠ ᠶᠢᠨ 2020 ᠣᠨ ᠤ ︽3 · 8︾ ᠤ ᠤᠯᠠᠭᠠᠨ ᠲᠤᠭᠴᠢ ᠶᠢᠨ ᠴᠣᠯᠠ ᠭᠥᠷᠳᠡᠭᠰᠡᠳ ᠲᠤ ᠱᠠᠩᠨᠠᠯ ᠣᠯᠭᠤᠭᠰᠠᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠪᠠ   ᠬᠤᠳᠠ ᠶᠢᠨ ᠤᠯᠠᠭᠠᠨᠮᠥ᠋ᠴᠢᠷ᠂ ᠪᠢᠴᠢᠬᠠᠨ ᠤᠯᠠᠭᠠᠨᠮᠥ᠋ᠴᠢᠷ᠂ ᠡᠮᠡᠭᠲᠡᠶᠢᠴᠦᠳ ᠤᠨ ᠤᠳᠤᠷᠢᠳᠬᠤ ᠺᠠᠳ᠋ᠷ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠣᠨᠴᠠᠭᠠᠢ ᠪᠠᠶᠠᠷ ᠬᠦᠷ ᠲᠠᠢ ᠪᠣᠯᠭᠠᠵᠠᠢ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号