ᠯᠦ ᠪᠦᠦ ᠳ᠋ᠦᠩ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/9
     3 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠪᠠ ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠳᠥᠯᠭᠢᠨ ᠠᠬᠢᠭᠤᠯᠬᠤ ᠲᠤᠬᠠᠶ ᠳᠠᠬᠢᠨ ᠪᠠᠶᠢᠷᠢᠯᠠᠭᠤᠯᠤᠯᠲᠠ᠂ ᠳᠠᠬᠢᠨ ᠲᠣᠬᠢᠷᠠᠭᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠨ ᠾᠦᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠶᠠᠩ ᠶᠢᠨ ᠷᠦᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠠᠩ ᠴᠦᠨ᠂ ᠬᠤᠲᠠ ᠶᠢᠨ ᠳᠡᠳ᠋ ᠳᠠᠷᠤᠭ᠎ᠠ  ᠴᠣᠭᠵᠢᠯ᠂ ᠭᠦᠸᠧ ᠫᠢᠩ ᠸᠠᠩ ᠬᠤᠷᠠᠯ ᠳᠤ ᠣᠷᠣᠯᠴᠠᠪᠠ᠃
          ᠬᠤᠷᠠᠯ ᠤᠨ ᠠᠬᠤᠶ ᠲᠠᠯᠠᠪᠠᠢ
       ᠯᠦ ᠪᠦᠦ ᠳ᠋ᠦᠩ ᠶᠠᠷᠢᠶ᠎ᠠ ᠲᠠᠯᠪᠢᠵᠠᠢ     ᠯᠦ ᠪᠦᠦ ᠳ᠋ᠦᠩ ᠵᠢᠭᠠᠵᠤ ᠭᠠᠷᠭᠠᠭᠰᠠᠨ ᠨᠢ᠂ ᠪᠥᠬᠦ ᠤᠯᠤᠰ ᠤᠨ ︽ᠬᠤᠶᠠᠷ ᠬᠤᠷᠠᠯ︾ ᠬᠤᠷᠠᠯᠳᠤᠵᠤ ᠪᠠᠶᠢᠭ᠎ᠠ ᠬᠤᠭᠤᠴᠠᠭᠠᠨ ᠳᠤ᠂ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃ ᠡᠯ᠎ᠡ ᠰᠠᠯᠠᠭ᠎ᠠ ᠮᠥᠴᠢᠷ ᠤᠳ ᠠᠵᠢᠯ ᠤᠨ ᠡᠭᠦᠷᠭᠡ ᠪᠠ ᠲᠥᠰᠦᠯ ᠢᠶᠠᠨ ᠲᠣᠳᠣᠷᠬᠠᠶ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠲᠣᠬᠢᠷᠠᠭᠤᠯᠭ᠎ᠠ ᠶᠣᠰᠣᠭᠠᠷ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ᠂ ᠭᠤᠣᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠨ᠂ ᠯᠠᠪᠳᠠᠭᠤᠨ ᠪᠠᠲᠤᠲᠠᠶ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠵᠦᠶ ᠵᠣᠬᠢᠰᠲᠠᠶ ᠭᠤᠮᠣᠳᠠᠯ ᠱᠠᠭᠠᠷᠳᠠᠯᠭ᠎ᠠ ᠪᠠᠨ ᠴᠠᠭ ᠲᠤᠬᠠᠶ ᠳᠤᠨᠢ ᠰᠢᠢᠳᠪᠣᠷᠢᠯᠡᠵᠦ᠂ ᠤᠯᠤᠰ ᠲᠦᠷᠦ ᠶᠢᠨ ᠵᠣᠭᠰᠣᠯᠲᠠ ᠪᠠ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ︽ᠭᠤᠷᠪᠠ ᠶᠢ ᠦᠯᠦ ᠡᠭᠦᠰᠭᠡᠬᠦ︾ ᠶᠢ ᠪᠠᠲᠤᠯᠠᠵᠤ᠂ ᠭᠤᠣᠯᠳᠠᠯᠭ᠎ᠠ ᠲᠠᠢ ᠬᠡᠷᠡᠭ ᠵᠢᠴᠢ ᠠᠵᠢᠯᠳᠠᠨ ᠤ ᠲᠣᠭᠲᠠᠭᠤᠨ ᠢᠶᠠᠷ ᠡᠵᠡᠮᠳᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠲᠠᠬᠢᠨ ᠡᠮᠬᠢᠯᠡᠵᠦ᠂ ᠰᠢᠢᠳᠪᠦᠷᠢᠯᠡᠬᠦ ᠠᠵᠢᠯ ᠢ ᠪᠣᠳᠠᠲᠠᠢ ᠪᠥᠭᠡᠳ ᠨᠠᠷᠢᠯᠢᠭ ᠬᠢᠬᠦ ᠬᠡᠷᠡᠭᠲᠡᠢ︔ ᠦᠷ᠎ᠡ ᠪᠦᠲᠦᠮᠵᠢ ᠶᠢ ᠳᠤᠪᠤᠶᠢᠯᠭᠠᠵᠤ᠂ ᠴᠠᠭ ᠬᠤᠭᠤᠴᠠᠭ᠎ᠠ ᠶᠢ ᠡᠵᠡᠮᠳᠡᠵᠦ᠂ ᠲᠣᠭᠲᠠᠭᠤᠨ ᠢᠶᠠᠷ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠠᠵᠢᠯ ᠢ ᠡᠷᠡᠰ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠯᠳᠠ ᠭᠡᠮ ᠤᠨ ᠮᠡᠳᠡᠭᠡ ᠵᠠᠩᠭᠢ ᠶᠢ ᠵᠥᠪ ᠣᠨᠣᠪᠴᠢᠲᠠᠶ᠂ ᠴᠠᠭ ᠲᠤᠬᠠᠶ ᠳᠤᠨᠢ ᠡᠵᠡᠮᠰᠢᠵᠦ᠂ ᠵᠥᠷᠢᠴᠡᠯ ᠤᠨ ᠮᠠᠭᠤᠳᠠᠬᠤ ᠶᠢ ᠴᠢᠩᠭ᠎ᠠ ᠰᠡᠷᠭᠡᠶᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠠᠭᠤᠷᠢ ᠶᠢ ᠪᠦᠬᠦ ᠲᠠᠯ᠎ᠠ ᠪᠠᠷ ᠪᠠᠲᠤᠳᠬᠠᠬᠤ ᠬᠡᠷᠡᠭᠲᠡᠶ︔ ︽ᠭᠤᠷᠪᠠ ᠶᠢ ᠥᠯᠥ ᠡᠭᠦᠰᠭᠡᠬᠦ︾ ᠣᠯᠠᠨ ᠤᠳᠠᠭ᠎ᠠ ᠲᠠᠢ ᠴᠢᠩᠭ᠎ᠠ ᠤᠶᠠᠯᠳᠤᠭᠤᠯᠤᠨ ᠰᠢᠪᠠᠳᠠᠨ ᠰᠢᠶ᠋ᠳᠪᠦᠷᠢᠯᠡᠭᠦᠯᠬᠦ ᠠᠵᠢᠯ ᠢ ᠥᠷᠨᠢᠭᠦᠯᠵᠦ ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠠᠭ ᠢᠮᠠᠭᠲᠠ ᠠᠳᠬᠤᠵᠤ᠂ ᠵᠥᠷᠢᠴᠡᠯ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃      ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠳᠤ ᠴᠢᠭᠯᠡᠭᠦᠯᠦᠨ᠂ ᠯᠦ ᠪᠦᠦ ᠳ᠋ᠦᠩ ᠴᠢᠬᠤᠯᠠᠴᠢᠯᠠᠬᠤ ᠳᠠᠭᠠᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ ᠶᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ︽ᠶᠡᠭᠡ ᠶᠠᠪᠤᠳᠠᠯ︾ ᠮᠥᠨ᠂ ᠨᠢᠭᠡ  ᠵᠦᠢᠯ ᠤᠨ ᠱᠠᠲᠤ ᠦᠶ᠎ᠡ ᠶᠢᠨ ᠴᠢᠨᠠᠷᠲᠠᠶ ᠰᠢᠰᠲ᠋ᠧᠮᠲᠦ ᠢᠨᠵᠧᠨᠧᠷᠢᠩ ᠮᠥᠨ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠬᠤᠯᠠᠴᠢᠯᠠᠬᠤ ᠴᠢᠨᠠᠷ ᠪᠠ ᠲᠤᠯᠭᠠᠮ᠎ᠠ ᠴᠢᠨᠠᠷ ᠢᠶᠠᠨ ᠳᠡᠭᠡᠭᠰᠢᠯᠡᠭᠦᠯᠦᠨ᠂ ᠰᠢᠰᠲ᠋ᠧᠮ ᠲᠠᠢ ᠪᠠᠷ ᠡᠮᠬᠢᠯᠡᠨ ᠳᠢᠭᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠬᠤ ᠬᠡᠷᠡᠭᠲᠡᠶ︔ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠰᠠᠶᠢᠲᠤᠷ ᠬᠢᠵᠦ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠲᠠᠢ ᠨᠠᠷᠢᠨ ᠬᠢᠨᠠᠮᠠᠭᠠᠶ ᠬᠠᠷᠢᠴᠠᠭᠤᠯᠤᠨ᠂ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠶ᠋ᠴᠡᠳ ᠰᠢᠩᠭᠡᠭᠡᠨ ᠠᠪᠴᠤ᠂ ᠡᠭᠦᠷᠭᠡ ᠶᠢᠨ ᠨᠠᠷᠢᠨ ᠲᠠᠩᠰᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠯ᠎ᠡ  ᠵᠦᠢᠯ ᠤᠨ ᠠᠵᠢᠯ ᠢ ᠪᠠᠷᠢᠮᠵᠢᠶ᠎ᠠ ᠲᠠᠢ ᠬᠠᠷᠢᠴᠠᠭᠤᠯᠤᠨ ᠪᠡᠶᠡᠯᠡᠭᠦᠯᠬᠦ ᠬᠡᠷᠡᠭᠲᠡᠶ︔ ᠠᠵᠢᠯ ᠢᠶᠠᠨ ᠴᠢᠩᠭᠠᠳᠬᠠᠵᠤ᠂ ᠵᠣᠬᠢᠶᠠᠨ ᠪᠠᠶᠢᠭᠤᠯᠵᠤ ᠲᠣᠬᠢᠷᠠᠭᠤᠯᠬᠤ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠪᠣᠳᠠᠲᠠᠶ ᠠᠰᠠᠭᠤᠳᠠᠯ ᠢ ᠪᠣᠳᠠᠲᠠᠶ ᠪᠠᠷ ᠠᠳᠬᠤᠵᠤ᠂ ᠪᠠᠶᠢᠳᠠᠯ ᠲᠣᠳᠣᠷᠬᠠᠶ᠂ ᠰᠠᠭᠤᠷᠢ ᠲᠤᠭ᠎ᠠ ᠲᠣᠳᠣᠷᠬᠠᠶ᠂ ᠪᠠᠶᠢᠩᠭᠤ ᠲᠣᠬᠢᠷᠠᠭᠤᠯᠬᠤ ᠶᠢ ᠪᠡᠶᠡᠯᠡᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠡᠵᠡᠮᠳᠡᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ︽ᠬᠦᠢᠴᠡᠳᠬᠡᠬᠦ ᠶᠣᠰᠣᠲᠠᠶ ᠶᠢ ᠨᠢ  ᠬᠦᠢᠴᠡᠳᠬᠡᠬᠦ︾ ᠶᠢ ᠪᠡᠶᠡᠯᠡᠭᠦᠯᠬᠦ ᠬᠡᠷᠡᠭᠲᠡᠶ︔ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠬᠡᠷᠡᠭᠵᠢᠭᠦᠯᠬᠦ ᠲᠥᠰᠦᠯ ᠢ ᠦᠷᠭᠦᠯᠵᠢᠯᠡᠨ ᠰᠠᠶᠢᠲᠤᠷ ᠬᠢᠵᠦ᠂ ᠪᠤᠰᠤᠳ ᠭᠠᠵᠠᠷ ᠣᠷᠣᠨ ᠤ ᠰᠢᠯᠢᠳᠡᠭ ᠲᠤᠷᠰᠢᠯᠭ᠎ᠠ ᠪᠠᠷ ᠲᠤᠯᠢ ᠪᠣᠯᠭᠠᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ︽ᠬᠠᠮ ᠠᠷᠭ᠎ᠠ ᠬᠡᠮᠵᠢᠶ᠎ᠡ︾ ᠶᠢ ᠦᠨᠡᠨᠬᠦ ᠰᠠᠶᠢᠲᠤᠷ ᠬᠡᠷᠡᠭᠵᠢᠭᠦᠯᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠳᠤ ᠪᠦᠬᠦ ᠲᠠᠯ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠠᠲᠤᠯᠠᠵᠤ᠂ ᠮᠠᠨ ᠤ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠦᠨᠳᠦᠰᠦᠲᠡᠨ ᠤ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号