︽ᠪᠦᠬᠦ ᠤᠯᠤᠰ ᠤᠨ ᠬᠤᠶᠠᠷ ᠬᠤᠷᠠᠯ ᠢ ᠪᠠᠶᠠᠷᠯᠠᠨ ᠤᠭᠲᠤᠶ᠎ᠠ︾ ᠠᠶᠤᠯ ᠲᠦᠭᠰᠢᠭᠦᠷᠢ ᠶᠢ ᠰᠡᠷᠭᠡᠶᠢᠯᠡᠵᠦ ᠭᠡᠮ ᠰᠣᠭᠤᠭ ᠢ ᠠᠷᠢᠯᠭᠠᠶ᠎ᠠ︕ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠠᠶᠤᠯᠭᠦᠶ ᠦᠢᠯᠡᠳᠪᠣᠷᠢᠯᠡᠯ ᠢ ᠰᠤᠯᠠᠷᠠᠭᠤᠯᠤᠯ ᠥᠬᠡᠶ ᠴᠢᠩᠭ᠎ᠠ ᠠᠳᠬᠤᠪᠠ
ᠨᠡᠶᠢᠲᠡᠯᠡᠭᠰᠡᠨ ᠴᠠᠭ᠄
2021/3/9
    ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠶᠤᠯᠭᠦᠶ  ᠦᠢᠯᠡᠳᠪᠣᠷᠢᠯᠡᠯ ᠤᠨ ᠬᠤᠷᠢᠭ᠎ᠠ ᠱᠤᠭᠤᠮ᠂ ᠤᠯᠠᠭᠠᠨ ᠱᠤᠭᠤᠮ ᠢ ᠪᠠᠲᠤ ᠰᠠᠬᠢᠵᠤ᠂ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠪᠣᠭᠤᠮᠲᠠ ᠶᠢᠨ ᠠᠶᠤᠯᠭᠦᠶ ᠦᠢᠯᠡᠳᠪᠣᠷᠢᠯᠡᠯ  ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠪᠣᠯᠤᠨ ᠠᠶᠤᠯᠭᠦᠶ ᠦᠢᠯᠡᠳᠪᠣᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠨᠦᠭᠦᠳ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠮᠠᠨ ᠤ ᠬᠤᠲᠠ ᠶᠢᠨ ᠡᠯ᠎ᠡ ᠬᠥᠮᠦᠨ ᠣᠯᠠᠨ ᠴᠤᠭᠯᠠᠷᠠᠬᠤ ᠲᠠᠯᠠᠪᠤᠷ ᠲᠤ ᠭᠦᠨᠵᠡᠭᠡᠶᠢᠷᠡᠨ᠂ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠥᠷᠨᠢᠭᠦᠯᠪᠡ᠃
       ᠡᠯ᠎ᠡ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠢ ᠪᠠᠶᠢᠴᠠᠭᠠᠪᠠ     ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠤᠲᠠ ᠶᠢᠨ ᠠᠷᠠᠳ ᠤᠨ ᠠᠷᠠᠯᠵᠢᠶᠠᠨ ᠤ ᠪᠦᠷᠢᠨ ᠪᠠᠷᠠᠭᠠᠲᠤ ᠲᠣᠮᠣ ᠠᠰᠠᠷ᠂ ᠶᠢᠨ ᠶᠧ ᠴᠠᠭ ᠦᠶ᠎ᠡ ᠶᠢᠨ ᠠᠭᠤᠳᠠᠮ ᠲᠠᠯᠠᠪᠠᠶ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠲᠣᠰᠣ ᠨᠡᠮᠡᠬᠦ ᠥᠷᠲᠡᠭᠡ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠭᠡᠨᠡᠳᠲᠡ ᠶᠢᠨ ᠪᠠᠶᠢᠴᠠᠭᠠᠯᠲᠠ ᠬᠢᠵᠦ᠂ ᠡᠵᠡᠩᠨᠡᠯᠲᠡ ᠶᠢᠨ ᠲᠠᠯᠠᠪᠤᠷ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠡᠰᠡᠬᠦ᠂ ᠭᠠᠯ ᠤᠨ ᠠᠶᠤᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠦᠨᠡᠨ ᠬᠦ ᠬᠡᠷᠡᠭᠵᠢᠭᠦᠯᠵᠦ ᠪᠣᠯᠬᠤ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠶᠢ ᠪᠦᠷᠢᠨ ᠳᠣᠭᠢᠷᠠᠭᠤᠯᠤᠭᠰᠠᠨ ᠡᠰᠡᠬᠦ᠂ ᠭᠠᠯ ᠤᠨᠲᠠᠷᠠᠭᠠᠬᠤ ᠰᠡᠷᠡᠮᠵᠢ ᠶᠢᠨ ᠲᠣᠨᠣᠭᠯᠠᠯ ᠬᠡᠪ ᠢᠶᠠᠷ ᠠᠵᠢᠯᠯᠠᠵᠤ ᠪᠠᠶᠢᠬᠤ ᠡᠰᠡᠬᠦ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠡᠶ᠃ ᠢᠯᠠᠩᠭᠤᠶ᠎ᠠ ᠬᠥᠮᠦᠨ ᠤᠯᠠᠨ ᠬᠤᠷᠠᠵᠤ ᠴᠤᠭᠯᠠᠷᠠᠳᠠᠭ ᠭᠠᠵᠠᠷ ᠲᠠᠯᠠᠪᠤᠷ ᠲᠤ ᠭᠠᠯ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠯᠭ᠎ᠠ ᠶᠢᠨ ᠲᠥᠷᠢᠮ ᠢ ᠪᠠᠶᠢᠭᠤᠯᠤᠨ ᠨᠠᠶᠢᠳᠠᠪᠤᠷᠢᠵᠢᠭᠤᠯᠤᠭᠰᠠᠨ ᠡᠰᠡᠬᠦ᠂ ᠡᠳᠦᠷ ᠪᠦᠷᠢ ᠶᠢᠨ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠡᠰᠡᠬᠦ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ   ᠳᠤ ᠲᠠᠯᠳᠠ ᠭᠡᠮ ᠣᠷᠣᠰᠢᠵᠤ ᠪᠠᠶᠢᠬᠤ ᠡᠰᠡᠬᠦ᠂ ᠠᠮᠤᠷ ᠲᠦᠪᠰᠢᠨ ᠭᠠᠷᠬᠤ ᠡᠭᠦᠳᠡ᠂ ᠲᠠᠷᠬᠠᠭᠠᠬᠤ ᠨᠡᠪᠳᠡᠷᠡᠯ ᠵᠠᠮ᠂ ᠭᠠᠯ ᠤᠨᠲᠠᠷᠠᠭᠠᠬᠤ ᠲᠡᠷᠭᠡᠨ ᠤ ᠨᠡᠪᠳᠡᠷᠡᠯ ᠵᠠᠮ ᠰᠠᠭᠠᠳ ᠥᠭᠡᠢ ᠨᠡᠪᠲᠡᠷᠡᠭᠰᠡᠨ ᠡᠰᠡᠬᠦ᠂ ᠪᠠᠴᠢᠮ ᠪᠠᠶᠢᠳᠠᠯ   ᠢ ᠠᠷᠭᠠᠴᠠᠨ ᠲᠠᠷᠬᠠᠭᠠᠬᠤ ᠪᠡᠯᠡᠳᠬᠡᠯ ᠲᠥᠰᠦᠯ ᠲᠣᠭᠲᠠᠭᠠᠭᠰᠠᠨ ᠡᠰᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠰᠣᠷᠢᠯᠲᠠ ᠬᠢᠭᠰᠡᠨ ᠵᠡᠷᠭᠡ ᠪᠠᠶᠢᠳᠠᠯ ᠳᠤ ᠪᠠᠶᠢᠴᠠᠭᠠᠯᠲᠠ ᠥᠷᠨᠢᠭᠦᠯᠬᠦ ᠬᠡᠷᠡᠭᠲᠡᠶ᠃
       ᠡᠯ᠎ᠡ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠢ  ᠪᠠᠶᠢᠴᠠᠭᠠᠪᠠ     ᠪᠠᠶᠢᠴᠠᠭᠠᠬᠤ ᠶᠠᠪᠤᠴᠠ ᠳᠤ᠂ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ ᠲᠡᠷᠡ ᠳᠠᠷᠤᠶ ᠳᠤᠨᠢ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠤᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠡᠯ᠎ᠡ ᠡᠵᠡᠩᠨᠡᠯᠲᠡ ᠶᠢᠨ ᠭᠤᠣᠯ ᠴᠣᠭᠴᠠ ᠶᠢᠨ ᠬᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠥᠭᠡᠷᠡᠴᠢᠯᠡᠬᠦ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠪᠦᠬᠦ ᠲᠠᠯ᠎ᠠ ᠪᠠᠷ ᠥᠷᠨᠢᠭᠦᠯᠵᠦ᠂ ᠬᠤᠷᠢᠭ᠎ᠠ ᠱᠤᠭᠤᠮ ᠢ ᠪᠠᠲᠤ ᠰᠠᠬᠢᠵᠤ᠂ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠪᠣᠭᠤᠮᠲᠠ ᠶᠢᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ᠃     ᠣᠶᠢᠯᠠᠭᠠᠭᠰᠠᠨ ᠢᠶᠠᠷ᠂ ᠳᠠᠷᠠᠭᠠᠴᠢ ᠶᠢᠨ ᠠᠯᠬᠤᠮ ᠳᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠬᠢᠨ ᠬᠦᠷᠢᠶ᠎ᠡ ᠬᠡᠪᠴᠢᠶ᠎ᠡ  ᠬᠤᠪᠢᠶᠠᠨ ᠦᠷᠭᠦᠯᠵᠢᠯᠡᠨ ᠴᠠᠭ ᠵᠥᠷᠢᠭᠦᠯᠦᠨ ᠭᠡᠨᠡᠳᠲᠡ ᠶᠢᠨ ᠪᠠᠶᠢᠴᠠᠭᠠᠯᠲᠠ ᠬᠢᠬᠦ ᠪᠣᠯᠤᠨ᠎ᠠ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号