ᠬᠤᠲᠠ ᠶᠢᠨ ᠤᠳᠤᠷᠢᠳᠤᠯᠭ᠎ᠠ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨᠲᠠ ᠪᠠᠶᠢᠴᠠᠭᠠᠨ ᠰᠤᠳᠤᠯᠵᠤ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/4/16
        4 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢᠦ ᠴᠠᠩ ᠴᠦᠨ ᠪᠦᠯᠬᠦᠮ ᠳᠠᠭᠠᠭᠤᠯᠤᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠴᠠᠭᠠᠨ ᠰᠤᠳᠤᠯᠵᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠣᠭᠵᠢᠯ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃          ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ ᠲᠡᠭ ᠺᠢᠯᠣᠮᠧᠲᠷ ᠭᠠᠵᠠᠷ᠂ ᠾᠦᠢ ᠲᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠤᠸᠠᠨ ᠢᠦᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠭᠠᠵᠠᠷ ᠲᠤ ᠬᠦᠷᠴᠦ᠂ ᠪᠣᠭᠤᠮᠲᠠ ᠶᠢᠨ ᠬᠢᠵᠢᠭ ᠤᠨ ᠪᠠᠶᠢᠳᠠᠯ ᠤᠨ ᠪᠢᠲᠡᠭᠦᠦ ᠴᠠᠭᠠᠷᠢᠭ ᠢ ᠬᠠᠮᠢᠶᠠᠷᠤᠨ ᠡᠵᠡᠮᠳᠡᠬᠦ᠂ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠮᠢᠶᠠᠷᠤᠯᠲᠠ᠂ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠢ  ᠠᠷᠢᠭᠤᠳᠬᠠᠬᠤ᠂ ᠵᠢᠯᠣᠭᠤᠴᠢ ᠪᠠ ᠰᠠᠭᠤᠳᠠᠯ ᠤᠨ ᠠᠵᠢᠯᠳᠠᠨ ᠤ ᠬᠠᠮᠢᠶᠠᠷᠤᠯᠲᠠ᠂ ᠠᠵᠢᠯᠳᠠᠨ ᠤ ᠬᠠᠮᠠᠭᠠᠯᠠᠯᠲᠠ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃        ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠮᠣᠩᠭᠤᠯ ᠤᠯᠤᠰ ᠤᠨ ᠤᠯᠤᠰ ᠤᠨ ᠳᠣᠲᠣᠭᠠᠳᠤ ᠳᠤ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠬᠦᠨᠳᠦ ᠨᠣᠴᠢᠲᠠᠶ ᠪᠠᠶᠢᠵᠤ᠂ ᠮᠠᠨ ᠤ ᠬᠤᠲᠠ ᠶᠢᠨ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠣᠷᠣᠵᠤ ᠢᠷᠡᠬᠦ ᠶᠢ ᠰᠡᠷᠭᠡᠶᠢᠯᠡᠬᠦ ᠳᠤ ᠲᠦᠢᠯ ᠤᠨ ᠶᠡᠭᠡ ᠳᠠᠷᠤᠯᠲᠠ ᠤᠴᠠᠷᠠᠭᠤᠯᠵᠤ ᠪᠠᠶᠢᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠨᠠᠭᠰᠢᠳᠠ ᠴᠢᠩᠭᠠᠳᠬᠠᠬᠤ ᠬᠡᠷᠡᠭᠲᠡᠢ︔ ᠵᠠᠰᠠᠮᠠᠯ ᠵᠠᠮ ᠤᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠲᠠᠰᠤᠷᠠᠯᠲᠠ ᠥᠬᠡᠶ ᠨᠡᠮᠡᠭᠳᠡᠭᠦᠯᠵᠦ᠂ ᠮᠣᠩᠭᠤᠯ ᠤᠯᠤᠰ ᠤᠨ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠤᠨ ᠡᠳ᠋ ᠪᠣᠳᠠᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠰᠤᠯᠠᠷᠠᠭᠤᠯᠤᠯ ᠦᠭᠡᠢ ᠴᠢᠩᠭᠠᠷᠠᠭᠤᠯᠵᠤ᠂ ᠪᠣᠭᠤᠮᠲᠠ ᠶᠢᠨ ᠡᠯ᠎ᠡ ᠭᠤᠭᠴᠣᠭᠠᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠭᠤᠭᠴᠣᠭᠠᠨ ᠤ ︽ᠪᠢᠲᠡᠭᠦᠦ ᠴᠠᠭᠠᠷᠢᠭ ᠤᠨ ᠬᠠᠮᠢᠶᠠᠷᠤᠯᠲᠠ︾ ᠶᠢ ᠪᠡᠶᠡᠯᠡᠭᠦᠯᠬᠦ ᠶᠢ ᠪᠠᠲᠤᠯᠠᠵᠤ᠂ ᠬᠢᠵᠢᠭ ᠤᠨ ᠪᠠᠶᠢᠳᠠᠯ ᠪᠣᠭᠤᠮᠲᠠ ᠪᠠᠷ ᠣᠷᠣᠵᠤ ᠢᠷᠡᠬᠦ ᠶᠢ ᠡᠷᠡᠰ ᠰᠡᠷᠭᠡᠶᠢᠯᠡᠬᠦ ᠬᠡᠷᠡᠭᠲᠡᠢ᠃        ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠪᠣᠭᠤᠮᠲᠠ ᠶᠢᠨ ᠬᠢᠯᠢ ᠳᠤ ᠣᠷᠣᠵᠤ ᠢᠷᠡᠬᠦ ᠭᠤᠭᠴᠤᠭ᠎ᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠪᠣᠭᠤᠮᠲᠠ ᠮᠥᠨ᠂ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠬᠠᠲᠠᠭᠤ ᠪᠡᠷᠬᠡ ᠶᠤᠮ᠃ ᠬᠠᠮᠲᠤᠷᠠᠨ ᠪᠠᠶᠢᠴᠠᠭᠠᠵᠤ ᠬᠠᠮᠲᠤᠷᠠᠨ ᠲᠡᠭᠡᠭᠡᠪᠦᠷᠢᠯᠡᠬᠦ ᠰᠠᠯᠠᠭ᠎ᠠ ᠮᠥᠴᠢᠷ ᠤᠳ ᠰᠡᠷᠭᠡᠶᠢᠯᠡᠨ ᠡᠵᠡᠮᠳᠡᠬᠦ ᠲᠥᠰᠦᠯ ᠢ ᠬᠥᠳᠡᠯᠦᠩᠭᠦᠶ ᠪᠠᠷ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠲᠡᠷᠭᠡ ᠬᠥᠰᠬᠡ ᠶᠢ ᠤᠰᠠᠳᠬᠠᠬᠤ᠂ ᠬᠢᠯᠢ ᠳᠤ ᠣᠷᠣᠵᠤ ᠢᠷᠡᠬᠦ ᠬᠥᠮᠦᠰ ᠢ ᠬᠠᠮᠢᠶᠠᠷᠬᠤ᠂ ᠨᠢᠭᠡᠳᠦᠭᠡᠷ ᠹᠷᠣᠨᠲ ᠤᠨ ᠬᠥᠮᠦᠰ ᠤᠨ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠠᠵᠢᠯ ᠢ ᠪᠣᠳᠠᠲᠠᠶ ᠪᠥᠭᠡᠳ ᠨᠠᠷᠢᠯᠢᠭ ᠴᠢᠩᠭ᠎ᠠ ᠠᠳᠬᠤᠬᠤ ᠬᠡᠷᠡᠭᠲᠡᠶ︔ ᠡᠮᠦᠨᠡᠰᠢ ᠪᠠᠨ ᠵᠢᠯᠣᠭᠤᠳᠴᠤ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠲᠣᠭᠤᠷᠢᠨ ᠪᠠᠶᠢᠴᠠᠭᠠᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠳ᠋ ᠪᠠᠷᠠᠭᠠᠨ ᠤ ᠬᠦᠢᠯᠭᠡᠭᠡᠨ ᠤ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠳᠠᠯᠠᠵᠤ᠂ ᠠᠯᠬᠤᠮ ᠳᠠᠷᠠᠭ᠎ᠠ ᠶᠢ ᠤᠯᠠᠮ ᠨᠢᠭᠡ ᠠᠯᠬᠤᠮ ᠡᠮᠬᠢᠯᠡᠵᠦ᠂ ᠮᠢᠨᠴᠦᠭᠦᠷᠡᠬᠦ ᠦᠵᠡᠯ ᠰᠠᠨᠠᠭ᠎ᠠ᠂ ᠠᠵᠠ ᠵᠠᠪᠰᠢᠶᠠᠨ ᠢ ᠬᠦᠰᠡᠬᠦ ᠰᠡᠳᠬᠢᠯᠭᠡ᠂ ᠰᠤᠯᠠᠷᠠᠬᠤ ᠰᠡᠳᠬᠢᠯᠭᠡ ᠶᠢ ᠲᠡᠪᠴᠢᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤᠳᠬᠠᠬᠤ ᠬᠡᠷᠡᠭᠲᠡᠶ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号