ᠬᠤᠲᠠ ᠶᠢᠨ ᠤᠳᠤᠷᠢᠳᠤᠯᠭ᠎ᠠ ᠡᠷᠢᠶᠡᠨ ᠳᠤ ᠰᠠᠭᠤᠭ᠎ᠠ ᠮᠣᠩᠭᠤᠯ ᠤᠯᠤᠰ ᠤᠨ ᠺᠤᠨᠰᠦ᠋ᠯ ᠮᠦᠩᠬᠡᠬᠡᠷᠡᠯ‌‍ᠲ᠋ᠠᠢ ᠠᠭᠤᠯᠵᠠᠪᠠ
ᠨᠡᠶᠢᠲᠡᠯᠡᠭᠰᠡᠨ ᠴᠠᠭ᠄
2021/4/16
     ᠵᠠᠰᠠᠭ ᠤᠨ ᠣᠷᠳᠣᠨ ᠤ ᠳᠡᠳ᠋ ᠳᠠᠷᠤᠭ᠎ᠠ ᠴᠣᠭᠵᠢᠯ 4 ᠰᠠᠷ᠎ᠠ ᠶᠢᠨ 14 ᠤ ᠡᠳᠦᠷ ᠡᠷᠢᠶᠡᠨ ᠬᠤᠲᠠ ᠳᠤ ᠰᠠᠭᠤᠭ᠎ᠠ ᠮᠣᠩᠭᠤᠯ ᠤᠯᠤᠰ ᠤᠨ ᠺᠤᠨᠰᠦ᠋ᠯ ᠤᠨ ᠭᠠᠵᠠᠷ ᠤᠨ ᠺᠤᠨᠰᠦ᠋ᠯ ᠮᠦᠩᠬᠡᠬᠡᠷᠡᠯ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠬᠤᠢ ᠪᠠᠶᠢᠳᠠᠯ ᠳᠣᠣᠷ᠎ᠠ᠂ ᠪᠣᠭᠤᠮᠲᠠ ᠶᠢᠨ ᠲᠡᠮᠦᠷ ᠵᠠᠮ᠂ ᠵᠠᠰᠠᠮᠠᠯ ᠵᠠᠮ᠂ ᠰᠠᠭᠠᠳ ᠦᠭᠡᠢ ᠨᠡᠪᠲᠡᠷᠡᠬᠦ ᠵᠠᠮ ᠤᠨ ᠬᠥᠮᠦᠰ ᠤᠨ ᠬᠢᠯᠢ ᠪᠠᠷ ᠣᠷᠣᠵᠤ ᠭᠠᠷᠬᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢᠨ ᠲᠡᠭᠡᠭᠡᠪᠦᠷᠢ ᠵᠡᠷᠭᠡ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃         ᠠᠭᠤᠯᠵᠠᠯᠲᠠ ᠶᠢᠨ ᠳᠤᠮᠳᠠ᠂ ᠴᠣᠭᠵᠢᠯ ᠠᠴᠠ ᠮᠠᠨ ᠤ ᠲᠠᠯ᠎ᠠ ᠶᠢᠨ ᠣᠳᠣᠬᠠᠨ ᠤ ᠲᠡᠮᠦᠷ ᠵᠠᠮ ᠤᠨ ᠠᠶᠠᠯᠠᠯ ᠤᠨ ᠵᠠᠭᠪᠤᠷ᠂ ᠠᠵᠢᠯᠲᠠᠨ ᠤ ᠬᠠᠮᠢᠶᠠᠷᠤᠯᠲᠠ ᠶᠢᠨ ᠵᠠᠭᠪᠤᠷ᠂ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠮ ᠤᠨ ᠬᠠᠮᠢᠶᠠᠷᠤᠯᠲᠠ ᠵᠢᠴᠢ ᠠᠵᠢᠯᠲᠠᠨ ᠤ ᠸᠠᠺᠼᠢᠨ ᠤ ᠲᠠᠷᠢᠯᠭ᠎ᠠ ᠵᠡᠷᠭᠡ ᠪᠠᠶᠢᠳᠠᠯ ᠢ ᠮᠣᠩᠭᠤᠯ ᠤᠨ ᠲᠠᠯ᠎ᠠ ᠳᠤ ᠮᠡᠳᠡᠭᠳᠡᠭᠰᠡᠨ ᠤ ᠳᠠᠷᠠᠭ᠎ᠠ ᠢᠯᠡᠷᠬᠡᠶᠢᠯᠡᠬᠦ ᠳᠡᠭᠡᠨ᠂ ᠮᠠᠨ ᠤ ᠲᠠᠯ᠎ᠠ ᠶᠢᠨ ᠬᠢᠨ ᠮᠣᠩᠭᠤᠯ ᠤᠨ ᠲᠠᠯ᠎ᠠ ᠶᠢᠨ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠨᠢᠭᠲᠠ ᠠᠩᠬᠠᠷᠴᠤ ᠪᠠᠶᠢᠨ᠎ᠠ᠂ ᠬᠤᠶᠢᠰᠢᠳᠠ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠴᠢᠩᠭ᠎ᠠ ᠪᠥᠭᠡᠳ ᠪᠣᠳᠠᠲᠠᠶ ᠠᠳᠬᠤᠵᠤ᠂ ᠬᠢᠵᠢᠭ ᠤᠨ ᠲᠠᠷᠬᠠᠯᠲᠠ ᠶᠢ ᠦᠨᠡᠨ ᠬᠦ ᠲᠡᠰᠦᠯᠵᠦ᠂ ᠬᠢᠵᠢᠭ ᠤᠨ ᠪᠠᠶᠢᠳᠠᠯ ᠢ ︽ᠥᠴᠦᠬᠡᠨ ᠴᠦ︾ ᠲᠠᠷᠬᠠᠭᠠᠬᠤ ᠥᠬᠡᠶ ᠪᠠᠶᠢᠬᠤ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠶ᠃         ᠳᠠᠷᠠᠭ᠎ᠠ ᠨᠢ᠂ ᠬᠤᠶᠠᠷ ᠲᠠᠯ᠎ᠠ ᠪᠠᠷ ᠢᠶᠠᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠬᠤᠢ ᠪᠠᠶᠢᠳᠠᠯ ᠳᠤ ᠰᠠᠭᠤᠷᠢᠯᠠᠵᠤ᠂ ᠰᠠᠭᠠᠳ ᠦᠭᠡᠢ ᠨᠡᠪᠲᠡᠷᠡᠬᠦ ᠵᠠᠮ᠂ ᠵᠠᠰᠠᠮᠠᠯ ᠵᠠᠮ ᠪᠣᠯᠤᠨ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠳᠤᠮᠳᠠᠬᠢ ᠲᠡᠷᠭᠡ ᠬᠥᠰᠬᠡ ᠶᠢᠨ ᠠᠶᠠᠯᠠᠯ᠂ ᠬᠥᠮᠦᠰ ᠢ ᠲᠥᠪᠬᠢᠨᠡᠭᠦᠯᠬᠦ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠤ᠂ ᠬᠤᠶᠠᠷ ᠲᠠᠯ᠎ᠠ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ᠂ ᠠᠵᠤ ᠠᠬᠤᠢ ᠠᠷᠠᠯᠵᠢᠶᠠᠨ ᠤ ᠬᠠᠷᠢᠯᠴᠠᠨ ᠨᠡᠪᠲᠡᠷᠡᠯᠴᠡᠬᠦ ᠶᠠᠰᠤ ᠴᠢᠨᠠᠷ ᠪᠣᠯᠤᠨ ᠲᠦᠪᠰᠢᠨ ᠢ ᠳᠡᠭᠡᠭᠰᠢᠯᠡᠭᠦᠯᠬᠦ ᠲᠤᠬᠠᠢ ᠬᠠᠮᠲᠤ ᠶᠢᠨ ᠲᠠᠨᠢᠯᠲᠠ ᠲᠠᠢ ᠪᠣᠯᠵᠠᠢ᠃           ᠬᠡᠯᠡᠯᠴᠡᠭᠡ ᠬᠢᠬᠦ ᠳᠤᠮᠳᠠ ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠪᠤᠰᠤᠳ ᠠᠰᠠᠭᠤᠳᠠᠯ ᠤᠨ ᠲᠠᠯ᠎ᠠ ᠪᠠᠷ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号