︽ᠨᠠᠮ ᠤᠨ ᠲᠡᠦᠬᠡ ᠶᠢ ᠰᠤᠷᠤᠯᠴᠠᠵᠤ ᠦᠵᠡᠯ ᠰᠠᠨᠠᠭ᠎ᠠ ᠶᠢ ᠣᠶᠢᠯᠠᠭᠠᠵᠤ ᠪᠣᠳᠠᠲᠤ ᠶᠠᠪᠤᠳᠠᠯ ᠬᠢᠵᠦ ᠰᠢᠨ᠎ᠡ ᠪᠠᠶᠢᠳᠠᠯ ᠢ ᠨᠡᠭᠡᠭᠡᠬᠦ︾ ᠪᠦᠬᠦ ᠬᠤᠳᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠣᠮ ᠤᠩᠰᠢᠬᠤ ᠠᠩᠬᠢ ᠵᠢᠴᠢ ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶  ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/21
          4 ᠰᠠᠷ᠎ᠠ ᠶᠢᠨ 19 ᠠᠴᠠ 20 ᠤ ᠡᠳᠦᠷ ᠪᠣᠯᠲᠠᠯ᠎ᠠ᠂ ᠮᠠᠨ ᠤ ᠬᠤᠲᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠲᠡᠦᠬᠡ ᠶᠢ ᠰᠤᠷᠤᠯᠴᠠᠵᠤ ᠶᠣᠰᠣ ᠤᠴᠢᠷ ᠢ ᠣᠶᠢᠯᠠᠭᠠᠬᠤ᠂ ᠲᠡᠦᠬᠡ ᠶᠢ ᠰᠤᠷᠤᠯᠴᠠᠵᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠤ ᠴᠢᠷᠮᠠᠶᠢᠨ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠤᠯᠤᠰ ᠲᠦᠷᠦ ᠶᠢᠨ ᠵᠣᠭᠰᠣᠯᠲᠠ ᠪᠠᠨ ᠤᠯᠠᠮ ᠴᠢᠨᠠᠭᠰᠢᠳᠠ ᠪᠠᠲᠤᠳᠬᠠᠵᠤ᠂ ᠰᠢᠨ᠎ᠡ ᠪᠠᠶᠢᠳᠠᠯ ᠢ ᠨᠡᠭᠡᠭᠡᠬᠦ ᠳᠤ ᠬᠦᠴᠦ ᠨᠡᠮᠡᠷᠢᠯᠡᠬᠦ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠨ ᠬᠥᠪᠴᠢᠯᠡᠵᠦ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠡᠬᠡ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠪᠣᠯᠤᠨ ᠳᠤᠮᠳᠠᠳᠤ ᠤᠯᠤᠰ ᠤᠨ ᠤᠮᠠᠷᠠᠲᠤ ᠶᠢᠨ ᠲᠡᠷᠢᠭᠦᠨ ᠤ ᠪᠣᠭᠤᠮᠲᠠ ᠶᠢᠨ ᠬᠤᠳᠠ ᠶᠢ ᠪᠠᠶᠢᠭᠤᠯᠬᠤ ᠳᠤ ᠪᠠᠲᠤ ᠪᠠᠬᠢ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ ᠬᠤᠷᠠᠯ ᠳᠤ ᠣᠷᠣᠯᠴᠠᠭᠰᠠᠨ ᠪᠥᠭᠡᠳ ᠬᠤᠷᠠᠯ ᠢ ᠡᠷᠭᠢᠯᠡᠪᠡ︔ ᠬᠤᠲᠠ ᠶᠢᠨ ᠤᠳᠤᠷᠢᠳᠤᠯᠭ᠎ᠠ ᠯᠦ ᠪᠦᠦ ᠳ᠋ᠦᠩ᠂  ᠠᠭᠤᠯᠠ᠂ ᠴᠢᠶᠣᠤ ᠸᠧᠶ ᠭᠦᠸᠧ᠂ ᠵᠢᠶᠠ ᠸᠧᠶ ᠳ᠋ᠦᠩ᠂ ᠶᠠᠨ ᠬᠤᠩ᠂ ᠶᠠᠩ ᠶᠢᠨ ᠷᠦᠢ᠂ ᠯᠢᠦ ᠴᠠᠩ ᠴᠦᠨ᠂ ᠨᠠᠷᠠᠨᠳᠠᠨ᠎ᠠ᠂ ᠤᠯᠠᠭᠠᠨ᠂ ᠭᠧᠩ ᡁᠢ ᠵᠢᠶᠦ᠋ᠨ᠂ ᠵᠣᠣ ᠵᠢᠶᠠ ᠶᠤᠸᠠᠨ ᠨᠠᠷ ᠰᠤᠷᠤᠯᠴᠠᠯᠭ᠎ᠠ ᠳᠤ ᠣᠷᠣᠯᠴᠠᠪᠠ︔ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠬᠠᠳᠠ ᠨᠠᠷ ᠬᠤᠷᠠᠯ ᠳᠤ ᠢᠷᠡᠵᠦ ᠵᠢᠭᠠᠨ ᠵᠢᠯᠣᠭᠤᠳᠪᠠ᠃     ᠲᠤᠰ ᠤᠳᠠᠭᠠᠨ ᠤ ᠰᠤᠷᠤᠯᠴᠠᠯᠭ᠎ᠠ ᠶᠢᠨ ᠬᠤᠷᠠᠯ ᠢ ᠬᠠᠮᠲᠤ ᠪᠠᠷ ᠰᠤᠷᠤᠯᠴᠠᠬᠤ᠂ ᠲᠠᠶᠢᠯᠤᠮᠵᠢ ᠶᠢ ᠰᠣᠨᠣᠰᠬᠤ᠂ ᠥᠪᠡᠷ ᠢᠶᠠᠨ ᠲᠥᠪᠯᠡᠷᠡᠭᠦᠯᠦᠨ ᠰᠤᠷᠤᠯᠴᠠᠬᠤ᠂ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠳᠥᠷᠪᠡᠨ ᠬᠡᠰᠡᠭ ᠲᠤ ᠬᠤᠪᠢᠶᠠᠵᠤ ᠪᠣᠯᠤᠨ᠎ᠠ᠃ ᠲᠠᠶᠢᠯᠤᠮᠵᠢ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠹᠦ᠋ ᠰᠦᠸᠧ ᠭᠧᠨ ︽ᠡᠪ ᠬᠠᠮᠲᠤ ᠨᠠᠮ ᠢ ᠡᠭᠦᠳᠦᠨ ᠪᠠᠶᠢᠭᠤᠯᠬᠤ ᠠᠴᠠ ᠰᠢᠨ᠎ᠡ ᠳᠤᠮᠳᠠᠳᠤ ᠤᠯᠤᠰ ᠢ ᠪᠠᠶᠢᠭᠤᠯᠬᠤ ᠬᠦᠷᠲᠡᠯ᠎ᠡ — ᠨᠠᠮ ᠤᠨ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠶᠢᠨ ᠲᠡᠦᠬᠡ ᠶᠢ ᠭᠦᠨᠵᠡᠭᠡᠢ ᠰᠤᠷᠤᠯᠴᠠᠬᠤ︾ ᠶᠢᠨ ᠲᠣᠭᠤᠷᠢᠨ ᠳᠤ ᠬᠤᠳᠠ ᠶᠢᠨ ᠨᠠᠮ ᠤᠨ ᠬᠤᠷᠢᠶᠠᠨ  ᠤ ᠭᠤᠣᠯ ᠳᠤᠭᠤᠶᠢᠯᠠᠩ ᠤᠨ ᠪᠦᠷᠢᠯᠳᠦᠬᠦᠨ ᠵᠢᠴᠢ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠳᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠵᠡᠢ᠃ ᠬᠤᠷᠠᠯ ᠳᠤ ᠣᠷᠣᠯᠴᠠᠭᠰᠠᠨ ᠬᠡᠰᠡᠭ ᠬᠥᠮᠦᠰ ︽ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠶᠢᠨ ᠲᠡᠦᠬᠡ ᠶᠢ ᠰᠤᠷᠤᠯᠴᠠᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠬᠤ ᠶᠠᠷᠢᠶ᠎ᠠ ᠲᠠᠯᠪᠢᠪᠠ᠃      ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠢᠨ ᠮᠠᠨ ᠤ ᠬᠤᠲᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ  ᠬᠦᠢᠴᠡᠳ ᠨᠤᠲᠠᠯᠠᠵᠤ᠂ ᠰᠤᠷᠤᠯᠴᠠᠵᠤ ᠰᠤᠳᠤᠯᠤᠨ ᠶᠠᠷᠢᠯᠴᠠᠬᠤ ᠳᠤ ᠨᠠᠷᠢᠨ ᠨᠢᠮᠪᠠᠶ ᠦᠨᠡᠯᠡᠯᠲᠡ ᠬᠢᠭᠰᠡᠨ ᠪᠥᠭᠡᠳ ᠲᠠᠷᠠᠭᠠᠴᠢ ᠶᠢᠨ ᠠᠯᠬᠤᠮ ᠳᠤ ᠪᠥᠬᠦ ᠬᠤᠲᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃       ᠯᠢᠦ ᡁᠢ ᠫᠢᠩ ᠵᠢᠭᠠᠵᠤ ᠭᠠᠷᠭᠠᠭᠰᠠᠨ ᠨᠢ᠂ ᠵᠢᠯᠣᠭᠤᠳᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢᠨ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ᠂ ᠬᠡᠷᠡᠭᠵᠢᠭᠦᠯᠬᠦ ᠴᠢᠨᠠᠷ ᠨᠢ ᠴᠥᠮ ᠮᠠᠰᠢ ᠴᠢᠩᠭ᠎ᠠ ᠪᠠᠶᠢᠵᠤ᠂ ᠪᠦᠬᠦ ᠬᠤᠳᠠ ᠪᠠᠷ ᠢᠶᠠᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠵᠤ᠂ ᠳᠠᠷᠠᠭᠠᠴᠢ ᠶᠢᠨ ᠠᠵᠢᠯ ᠳᠤᠮᠳᠠ ᠪᠠᠨ ᠮᠡᠳᠡᠯᠭᠡ ᠪᠠᠷ ᠦᠢᠯᠡ ᠠᠵᠢᠯᠯᠠᠭ᠎ᠠ ᠶᠢ ᠠᠬᠢᠭᠤᠯᠬᠤ᠂ ᠮᠡᠳᠡᠬᠦᠢ ᠦᠢᠯᠡ ᠠᠵᠢᠯᠯᠠᠭ᠎ᠠ ᠶᠢ ᠨᠢᠭᠡᠳᠬᠡᠬᠦ ᠶᠢ ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠦᠲᠦᠮᠵᠢᠲᠡᠢ ᠦᠷ᠎ᠡ ᠪᠦᠲᠦᠭᠡᠯ ᠢ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠠᠢ ᠠᠵᠢᠯ ᠨᠢᠭᠡᠪᠦᠷᠢ ᠳᠤ ᠦᠷᠭᠦᠯᠵᠢᠯᠡᠨ ᠯᠠᠪᠳᠠᠭᠤᠨ ᠢᠶᠠᠷ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ ᠢ ᠳᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠰᠡᠳᠬᠢᠯ ᠳᠤ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠯᠢᠦ ᡁᠢ ᠫᠢᠩ᠂ ᠰᠤᠷᠤᠯᠴᠠᠯᠭ᠎ᠠ ᠬᠥᠮᠦᠵᠢᠯ ᠢ ᠲᠠᠬᠢᠨ ᠭᠦᠨᠵᠡᠭᠡᠶᠢᠷᠡᠭᠦᠯᠬᠦ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠤᠣᠯᠳᠠᠯᠭ᠎ᠠ ᠲᠠᠢ ᠡᠭᠦᠷᠭᠡ ᠪᠣᠯᠭᠠᠵᠤ᠂ ᠮᠠᠨ ᠤ ᠨᠠᠮ ᠤᠨ ᠡᠯ᠎ᠡ ᠲᠦᠷᠦᠯ ᠤᠨ ᠲᠤᠰᠬᠠᠢ ᠰᠡᠳᠦᠪᠲᠦ ᠬᠥᠮᠦᠵᠢᠯ ᠤᠨ ᠠᠵᠢᠯᠯᠠᠭ᠎ᠠ ᠶᠢᠨ ᠳᠤᠮᠳᠠ ᠪᠦᠷᠢᠯᠳᠦᠭᠦᠯᠦᠭᠰᠡᠨ ᠰᠠᠶᠢᠨ ᠠᠷᠭ᠎ᠠ ᠬᠢᠳᠡᠯ᠂ ᠰᠠᠶᠢᠨ ᠳᠠᠳᠬᠠᠯ ᠢ ᠶᠡᠬᠡᠪᠡᠷ ᠪᠠᠳᠠᠷᠠᠭᠤᠯᠵᠤ᠂ ᠢᠮᠠᠭᠲᠠ ᠲᠤᠤᠱᠯᠠᠭᠤᠯᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ᠃ ︽ᠲᠦᠷᠪᠡᠨ ᠲᠡᠦᠬᠡ︾ ᠶᠢ ᠰᠠᠶᠢᠲᠤᠷ ᠰᠤᠷᠤᠯᠴᠠᠬᠤ ᠪᠠᠷ ᠭᠤᠣᠯᠳᠠᠭᠤᠯᠵᠤ᠂ ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠲᠡᠦᠬᠡ ᠶᠢ ᠮᠡᠳᠡᠵᠤ ᠨᠠᠮ ᠢᠶᠠᠨ ᠬᠠᠶᠢᠷᠠᠯᠠᠬᠤ᠂ ᠲᠡᠦᠬᠡ ᠶᠢ ᠮᠡᠳᠡᠵᠤ ᠤᠯᠤᠰ ᠢᠶᠠᠨ ᠬᠠᠶᠢᠷᠠᠯᠠᠬᠤ ᠶᠢ ᠪᠡᠶᠡᠯᠡᠭᠦᠯᠵᠦ᠂ ᠰᠤᠷᠤᠯᠴᠠᠵᠤ ᠣᠶᠢᠯᠠᠭᠠᠬᠤ ᠳᠤᠮᠳᠠ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠬᠡᠷᠡᠭᠲᠡᠢ᠃ ᠠᠰᠠᠭᠤᠳᠠᠯ ᠳᠤ ᠴᠢᠭᠯᠡᠭᠦᠯᠦᠨ ᠰᠤᠷᠤᠯᠴᠠᠨ ᠰᠤᠳᠤᠯᠵᠤ᠂ ᠲᠡᠦᠬᠡ ᠶᠢ ᠰᠤᠷᠤᠯᠴᠠᠵᠤ ᠶᠣᠰᠣ ᠤᠴᠢᠷ ᠢ ᠣᠶᠢᠯᠠᠭᠠᠬᠤ᠂ ᠲᠡᠦᠬᠡ ᠶᠢ ᠰᠤᠷᠤᠯᠴᠠᠵᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠤ ᠴᠢᠷᠮᠠᠶᠢᠨ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠵᠥᠷᠢᠴᠡᠯ ᠲᠠᠢ ᠨᠢᠭᠲᠠ ᠤᠶᠠᠯᠳᠤᠭᠤᠯᠵᠤ᠂ ᠰᠡᠳᠬᠢᠴᠡ ᠪᠠᠨ ᠡᠮᠬᠢᠯᠡᠵᠦ᠂ ᠬᠡᠮ ᠰᠣᠭᠤᠭ ᠢᠶᠠᠨ ᠵᠠᠳᠠᠯᠵᠤ᠂ ᠠᠵᠠ ᠲᠣᠬᠢᠶᠠᠯ ᠢ ᠡᠷᠢᠵᠦ᠂ ᠠᠷᠭᠠᠴᠠᠬᠤ ᠪᠤᠳᠤᠯᠭ᠎ᠠ ᠰᠦᠪᠡᠭᠴᠢᠯᠡᠵᠦ᠂ ᠨᠠᠮ ᠤᠨ ᠬᠠᠮᠤᠭ ᠤᠨ ᠰᠢᠨ᠎ᠡ ᠤᠨᠤᠯ ᠤᠨ ᠦᠷ᠎ᠡ ᠪᠦᠲᠦᠭᠡᠯ ᠢᠶᠠᠷ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠬᠠᠨᠳᠤᠯᠭᠠᠲᠤ ᠴᠢᠨᠠᠷ ᠪᠠ ᠦᠷ᠎ᠡ ᠪᠦᠳᠦᠮᠵᠢᠳᠦ ᠴᠢᠨᠠᠷ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠲᠠᠬᠢᠨ ᠴᠢᠩᠭᠠᠳᠬᠠᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ ᠶᠢᠨ ᠭᠤᠤᠯ ᠠᠵᠢᠯ ᠪᠠ ᠪᠣᠭᠤᠮᠲᠠ ᠶᠢᠨ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠬᠤᠪᠢᠳᠠᠨ ᠬᠠᠮᠢᠶᠠᠷᠴᠤ ᠪᠥᠬᠦᠶ ᠬᠦᠷᠢᠶ᠎ᠡ ᠴᠠᠷᠠᠭ᠎ᠠ ᠶᠢᠨ ᠡᠯ᠎ᠡ ᠵᠦᠢᠯ ᠤᠨ ᠠᠵᠢᠯ ᠢ ᠬᠢᠨᠠᠮᠠᠭᠠᠶ ᠰᠠᠶᠢᠲᠤᠷ ᠠᠳᠬᠤᠵᠤ᠂ ᠣᠯᠠᠨ ᠲᠦᠮᠡᠨ ᠤ ᠳᠤᠮᠳᠠ ᠠᠴᠠ ᠠᠪᠴᠤ᠂ ᠣᠯᠠᠨ ᠲᠦᠮᠡᠨ ᠤ ᠳᠤᠮᠳᠠ ᠬᠡᠷᠡᠭᠵᠢᠭᠦᠯᠬᠦ ᠶᠢ ᠪᠠᠷᠢᠮᠲᠠᠯᠠᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠰᠢᠮᠳᠠᠭᠤᠯᠤᠨ ᠪᠠᠶᠢᠴᠠᠭᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠬᠦᠢᠴᠡᠳᠬᠡᠨ᠎ᠡ᠃ ᠴᠥᠬᠦᠷᠡᠯ ᠦᠭᠡᠶ ᠴᠢᠷᠮᠠᠶᠢᠵᠤ ᠪᠠᠶᠢᠭᠠᠳ ᠦᠵᠡᠯ ᠰᠠᠨᠠᠭ᠎ᠠ ᠪᠠᠨ ᠴᠢᠯᠥᠭᠡᠯᠡᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠦᠴᠦᠯᠡᠬᠦ ᠴᠡᠭ ᠢ ᠪᠣᠭᠤᠮᠲᠠ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠪᠦᠬᠦ ᠦᠢᠯᠡᠳᠦᠯᠭᠡ ᠶᠢᠨ ᠳᠤᠮᠳᠠ ᠲᠠᠯᠪᠢᠵᠤ᠂ ᠡᠳᠦᠷ ᠳᠤᠳᠤᠮ ᠤᠨ ᠠᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠵᠤ᠂ ︽ᠲᠦᠷᠦᠭᠦᠦ ᠭᠠᠯᠠᠭᠤ ᠵᠠᠮᠴᠢᠯᠠᠬᠤ︾ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠭᠤᠮᠲᠠ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠲᠠᠯ᠎ᠠ ᠪᠠᠷ ᠬᠦᠴᠦᠯᠡᠨ ᠴᠢᠷᠮᠠᠶᠢᠵᠤ᠂ ᠵᠠᠰᠠᠯᠲᠠ ᠶᠢᠨ ᠦᠷ᠎ᠡ ᠪᠦᠲᠦᠮᠵᠢ ᠶᠢ ᠰᠢᠯᠢᠳᠡᠭᠵᠢᠭᠦᠯᠬᠦ ᠲᠠᠯ᠎ᠠ ᠪᠠᠷ ᠪᠣᠳᠠᠲᠠᠢ ᠠᠷᠭ᠎ᠠ ᠭᠠᠷᠭᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠪᠣᠳᠠᠲᠠᠢ ᠠᠵᠢᠯ ᠬᠢᠵᠦ᠂ ᠨᠠᠮ ᠢ ᠴᠢᠩᠭ᠎ᠠ ᠬᠠᠮᠢᠶᠠᠷᠴᠤ ᠨᠠᠮ ᠢ ᠴᠢᠩᠭ᠎ᠠ ᠵᠠᠰᠠᠬᠤ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠶᠢ ᠡᠷᠬᠢᠮᠯᠡᠵᠦ᠂ ᠨᠠᠮ ᠳᠠᠭᠠᠨ ᠣᠰᠣᠯᠳᠠᠬᠤ ᠦᠭᠡᠢ᠂ ᠪᠣᠭᠤᠮᠲᠠ ᠶᠢᠨ ᠲᠡᠦᠬᠡ ᠳᠡᠭᠡᠨ ᠣᠰᠣᠯᠳᠠᠬᠤ ᠦᠭᠡᠢ᠂ ᠠᠵᠢᠯ ᠤᠨ ᠪᠠᠶᠢᠷᠢ ᠳᠠᠭᠠᠨ ᠣᠰᠣᠯᠳᠠᠬᠤ ᠦᠭᠡᠢ   ᠪᠠᠷ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃        ᠯᠢᠦ ᡁᠢ ᠫᠢᠩ᠂ ᠦᠢᠯᠡᠳᠦᠯᠭᠡ ᠶᠢᠨ ᠠᠵᠢᠯᠯᠠᠭ᠎ᠠ ᠶᠢ ᠲᠠᠬᠢᠨ ᠰᠠᠶᠢᠲᠤᠷ ᠬᠢᠬᠦ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠵᠤ᠂ ᠠᠯᠪᠠᠨ ᠵᠠᠷᠤᠴᠠ ᠶᠢᠨ ᠤᠬᠠᠮᠰᠠᠷ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠴᠢᠩᠭᠠᠳᠬᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠪᠠ ᠤᠳᠤᠷᠢᠳᠬᠤ ᠺᠠᠳ᠋ᠷ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠴᠢᠨᠠᠭᠰᠢᠳᠠ ᠪᠠᠳᠠᠷᠠᠭᠤᠯᠵᠤ᠂ ᠲᠦᠷᠦᠭᠦᠯᠡᠨ ᠦᠨᠳᠦᠰᠦᠨ ᠱᠠᠲᠤᠨ ᠤ ᠤᠯᠠᠨ ᠲᠦᠮᠡᠨ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ᠂ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠥᠷᠭᠡᠨ ᠢᠶᠠᠷ ᠰᠠᠨᠠᠯ ᠰᠣᠨᠣᠰᠴᠤ᠂ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠣᠶᠢᠯᠠᠭᠠᠵᠤ᠂ ᠨᠢᠭᠡ ᠵᠦᠢᠯ ᠤᠨ ᠮᠠᠲ᠋ᠧᠷᠢᠶᠠᠯ ᠢ ᠡᠵᠡᠮᠰᠢᠬᠦ ᠬᠡᠷᠡᠭᠲᠡᠢ᠃ ᠨᠡᠶᠢᠲᠡᠴᠢ ᠴᠢᠨᠠᠷᠲᠠᠶ ᠬᠡᠷᠡᠭᠴᠡᠭᠡ᠂ ᠨᠡᠶᠢᠳᠡᠮ ᠤᠨ ᠠᠰᠠᠭᠤᠳᠠᠯ᠂ ᠬᠦᠴᠢᠷ ᠠᠰᠠᠭᠤᠳᠠᠯ ᠪᠠ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠳᠤᠯᠤᠨ ᠰᠦᠪᠡᠭᠴᠢᠯᠡᠬᠦ ᠪᠠᠨ ᠴᠢᠩᠭᠠᠳᠬᠠᠵᠤ᠂ ᠡᠭᠦᠷᠭᠡ ᠶᠢᠨ ᠨᠠᠷᠢᠨ ᠳᠠᠩᠰᠠ ᠶᠢ ᠵᠢᠭᠰᠠᠭᠠᠵᠤ᠂ ᠠᠷᠠᠳ ᠲᠤ ᠠᠰᠢᠭ ᠬᠦᠷᠲᠡᠭᠡᠵᠦ ᠠᠷᠠᠳ ᠲᠤ ᠳᠦᠭᠦᠮ ᠦᠵᠡᠭᠦᠯᠬᠦ‍ ᠨᠢᠭᠡ ᠪᠦᠯᠦᠭ ᠪᠣᠳᠠᠲᠠᠢ ᠠᠷᠭ᠎ᠠ ᠬᠠᠲᠠᠭᠤ ᠠᠷᠭ᠎ᠠ ᠶᠢ ᠲᠥᠪᠯᠡᠷᠡᠭᠦᠯᠦᠨ ᠨᠡᠶᠢᠲᠡᠯᠡᠵᠦ᠂ ᠠᠷᠠᠳ ᠲᠤ ᠰᠢᠭᠤᠳ ᠪᠤᠶᠠᠨ ᠦᠢᠯᠡᠳᠬᠦ‍ ᠨᠢᠭᠡ ᠪᠦᠯᠦᠭ ᠲᠦᠷᠦᠯ ᠵᠦᠢᠯ ᠤᠨ ᠢᠨᠵᠧᠨᠧᠷᠢᠩ ᠢ ᠬᠡᠷᠡᠭᠵᠢᠭᠦᠯᠵᠦ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠨᠢᠭᠡ ᠪᠦᠯᠦᠭ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠵᠦ᠂ ᠪᠣᠭᠤᠮᠲᠠ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠨᠢᠭᠡ ᠪᠦᠯᠦᠭ ᠪᠣᠳᠠᠲᠠᠢ ᠠᠷᠭ᠎ᠠ ᠬᠡᠮᠵᠢᠶ᠎ᠡ ᠶᠢ ᠭᠦᠨᠵᠡᠭᠡᠢ ᠪᠣᠳᠠᠲᠠᠢ ᠬᠢᠵᠦ᠂ ᠰᠠᠶᠢᠨ ᠶᠠᠪᠤᠳᠠᠯ ᠢ ᠦᠨᠡᠨᠬᠦ ᠪᠣᠳᠠᠲᠠᠢ ᠬᠢᠵᠦ᠂ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠰᠤᠷᠲᠠᠯ ᠢ ᠰᠠᠶᠢᠵᠢᠷᠠᠭᠤᠯᠬᠤ ᠳᠤ ᠪᠠᠰᠠ ᠪᠣᠳᠠᠲᠤ ᠠᠵᠢᠯᠯᠠᠭ᠎ᠠ ᠶᠢ ᠡᠷᠬᠢᠮᠯᠡᠬᠦ ᠬᠡᠷᠡᠭᠲᠡᠶ᠃ ᠭᠤᠣᠯ ᠳᠤᠭᠤᠶᠢᠯᠠᠩ ᠤᠨ ᠪᠦᠷᠢᠯᠳᠦᠬᠦᠨ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ᠂ ᠲᠤᠰᠢᠶᠠᠯ ᠬᠠᠷᠢᠭᠤᠴᠠᠯᠭ᠎ᠠ᠂ ᠰᠤᠷᠲᠠᠯ ᠢᠶᠠᠨ ᠤᠬᠠᠮᠰᠠᠷ ᠠᠴᠠ ᠪᠠᠨ ᠣᠷᠣᠭᠤᠯᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠡᠳᠦᠷ ᠲᠤᠳᠤᠮ ᠤᠨ ᠠᠵᠢᠯ ᠠᠴᠠ ᠪᠠᠨ ᠡᠬᠢᠯᠡᠨ ᠬᠢᠵᠦ᠂ ᠪᠠᠶᠢᠩᠭᠤ ᠠᠳᠬᠤᠬᠤ᠂ ᠨᠠᠷᠢᠯᠢᠭ ᠠᠳᠬᠤᠬᠤ᠂ ᠤᠷᠳᠤ ᠬᠤᠭᠤᠴᠠᠭ᠎ᠠ ᠪᠠᠷ ᠠᠳᠬᠤᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠰᠡᠳᠬᠢᠴᠡ ᠪᠠ ᠠᠷᠭ᠎ᠠ ᠪᠠᠷ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ᠰᠤᠷᠲᠠᠯ ᠤᠨ ᠪᠠᠶᠢᠭᠤᠯᠤᠯᠲᠠ ᠶᠢ ᠤᠯᠠᠮ ᠴᠢᠨᠠᠭᠰᠢᠳᠠ ᠵᠢᠷᠤᠮᠵᠢᠭᠤᠯᠬᠤ᠂ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠢᠮᠠᠨ ᠵᠦᠢᠯ ᠤᠨ ᠲᠣᠭᠲᠠᠭᠠᠯ ᠢ ᠬᠡᠪ ᠵᠠᠩᠰᠢᠯ᠂ ᠳᠠᠳᠬᠠᠯ ᠪᠣᠯᠭᠠᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠰᠤᠷᠲᠠᠯ ᠤᠨ ᠪᠠᠶᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠵᠠᠩᠭᠢᠯᠠᠭ᠎ᠠ ᠶᠢᠨ ᠴᠥᠭᠡᠨ ᠲᠣᠭᠠᠲᠠᠨ ᠢ ᠴᠢᠩᠭ᠎ᠠ ᠠᠩᠬᠠᠷᠴᠤ᠂ ᠱᠠᠳᠤ ᠱᠠᠳᠤ ᠪᠠᠷ ᠳᠠᠷᠤᠯᠲᠠ ᠥᠭᠴᠦ᠂ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ ᠴᠢᠩᠭ᠎ᠠ ᠪᠠᠷᠢᠮᠲᠠᠯᠠᠬᠤ ᠭᠤᠣᠯ ᠬᠦᠭ ᠠᠶᠠᠰ ᠢ ᠢᠮᠠᠭᠲᠠ ᠲᠤᠤᠱᠯᠠᠭᠤᠯᠵᠤ᠂ ᠺᠠᠳ᠋ᠷᠴᠤᠳ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠯᠢ ᠶᠢᠨ ᠪᠣᠭᠤᠮᠲᠠ ᠪᠠᠷ ᠬᠢᠯᠪᠠᠷ ᠪᠤᠰᠤ ᠪᠠᠷ ᠢᠷᠡᠭᠰᠡᠨ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠦᠬᠦ ᠰᠡᠳᠬᠢᠯ ᠢᠶᠠᠷ ᠢᠶᠠᠨ ᠬᠠᠮᠠᠭᠠᠯᠠᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠶᠢ ᠬᠦᠳᠦᠯᠦᠨ ᠳᠠᠭᠠᠭᠤᠯᠵᠤ᠂ ᠰᠢᠯᠢᠳᠡᠭ ᠠᠮᠵᠢᠯᠲᠠ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠪᠡᠯᠡᠭ ᠬᠦᠷᠭᠡᠬᠦ ᠶᠢ ᠬᠦᠳᠦᠯᠦᠨ ᠵᠢᠯᠣᠭᠤᠳᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号