| 3 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠬᠡᠷᠡᠯᠳᠦᠠᠣᠳᠦ ᠰᠣᠮᠣᠨ ᠤ ᠬᠢᠯᠢ ᠶᠢᠨ | ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠮᠠᠰᠢᠨ ᠲᠡᠷᠭᠡ ᠪᠠᠷ 80 ᠭᠠᠷᠤᠶ ᠺᠢᠯᠣᠮᠧᠲᠷ ᠠᠶᠠᠯᠠᠨ ᠬᠠᠷᠢᠶᠠᠲᠤ | ᠣᠷᠣᠨ ᠤ ᠮᠠᠯᠴᠢᠳ ᠤᠨ ᠬᠡᠷ ᠲᠤ ᠬᠦᠷᠴᠦ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠲᠤ ᠲᠣᠬᠤᠨᠢᠭᠤᠯᠬᠤ | ᠪᠣᠳᠠᠰ ᠪᠠ ᠰᠤᠷᠤᠯᠭ᠎ᠠ ᠶᠢᠨ ᠬᠡᠷᠡᠭᠰᠡᠯ ᠬᠦᠷᠭᠡᠵᠦ ᠥᠭᠪᠡ᠃ | | | | | | ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠲᠤ ᠪᠡᠶ᠎ᠡ | ᠰᠡᠳᠬᠢᠯ ᠤᠨ ᠬᠠᠶᠢᠷ᠎ᠠ ᠬᠠᠯᠠᠮᠵᠢ ᠬᠦᠷᠲᠡᠭᠡᠭᠰᠡᠨ ᠢᠶᠠᠷ ᠪᠠᠷᠠᠬᠤ ᠥᠬᠡᠶ᠂ ᠪᠠᠰᠠ ᠡᠳ᠋ ᠪᠣᠳᠠᠰ ᠤᠨ ᠲᠠᠯ᠎ᠠ ᠪᠠᠷ ᠨᠢᠭᠡ | ᠨᠢᠭᠡ ᠪᠠᠷ ᠲᠤᠰᠠᠯᠠᠵᠤ᠂ ᠬᠡᠤᠬᠡᠳ ᠤᠳ ᠲᠤ ᠬᠠᠶᠢᠷ᠎ᠠ ᠬᠠᠯᠠᠮᠵᠢ ᠬᠦᠷᠲᠡᠭᠡᠪᠡ᠃ 331 ᠤᠯᠤᠰ ᠤᠨ ᠵᠠᠮ ᠤᠨ | ᠲᠦᠷᠦᠯ ᠵᠦᠢᠯ ᠤᠨ ᠬᠡᠯᠲᠡᠰ ᠤᠨ ᠡᠮᠦᠨ᠎ᠡ 5 ᠺᠢᠯᠣᠮᠧᠲᠷ ᠤᠨ ᠭᠠᠵᠠᠷ ᠲᠤ ᠰᠠᠭᠤᠵᠤ ᠪᠠᠶᠢᠭ᠎ᠠ ᠨᠠᠬᠢᠶ᠎ᠠ ᠪᠣᠯ | ᠭᠤᠷᠪᠠᠳᠤᠭᠠᠷ ᠣᠨ ᠤ ᠪᠠᠭ᠎ᠠ ᠰᠤᠷᠭᠠᠭᠤᠯᠢ ᠶᠢᠨ ᠰᠤᠷᠤᠭᠴᠢ᠂ ᠰᠣᠷᠣᠯᠭ᠎ᠠ ᠳᠤ ᠪᠠᠨ ᠰᠠᠶᠢᠨ ᠪᠦᠭᠡᠳ | ᠰᠤᠷᠭᠠᠭᠤᠯᠢ ᠶᠢᠨ ᠬᠦᠯ ᠪᠥᠮᠪᠦᠭᠡ ᠶᠢᠨ ᠠᠩᠬᠢ ᠶᠢᠨ ᠭᠡᠰᠢᠭᠦᠨ ᠪᠣᠯᠤᠨ᠎ᠠ᠂ ᠠᠪᠤ ᠡᠵᠢ ᠨᠢ ᠵᠢᠯ ᠲᠤᠷᠰᠢ ᠮᠠᠯ | ᠬᠠᠷᠢᠭᠤᠯᠬᠤ ᠠᠴᠠ ᠭᠠᠳᠠᠨ᠎ᠠ᠂ ᠡᠳᠦᠷ ᠪᠦᠷᠢ 60 ᠭᠠᠷᠤᠢ ᠺᠢᠯᠥᠮᠧᠲᠷ ᠤᠨ ᠬᠤᠯᠠ ᠵᠠᠮ ᠬᠦᠭᠡᠭᠡᠵᠦ ᠲᠡᠭᠦᠨ ᠢ | ᠰᠤᠷᠭᠠᠭᠤᠯᠢ ᠳᠤ ᠬᠦᠷᠭᠡᠳᠡᠭ᠃ ᠡᠨᠡ ᠪᠣᠯ ᠪᠢᠳᠡ ᠠᠩᠬ᠎ᠠ ᠤᠳᠠᠭ᠎ᠠ ᠲᠡᠭᠦᠨ ᠤ ᠭᠡᠷ ᠲᠤ ᠢᠷᠡᠵᠦ ᠪᠠᠶᠢᠭ᠎ᠠ ᠶᠤᠮ᠂ | ᠲᠡᠷᠡ ᠪᠢᠳᠡᠨ ᠤ ᠠᠪᠴᠢᠷᠠᠭᠰᠠᠨ ᠰᠤᠷᠤᠯᠭ᠎ᠠ ᠶᠢᠨ ᠬᠡᠷᠡᠭᠰᠡᠯ ᠢ ᠣᠯᠵᠤ ᠦᠵᠡᠬᠦ ᠦᠶ᠎ᠡ ᠳᠤ ᠨᠢᠳᠦᠨ ᠳᠤᠨᠢ ᠳᠦᠭᠦᠷᠡᠩ | ᠬᠦᠰᠡᠯ ᠡᠷᠡᠮᠡᠯᠵᠡᠯ ᠪᠠ ᠪᠠᠶᠠᠷ ᠪᠠᠭ᠋ᠠᠳᠤᠯ ᠢᠶᠠᠷ ᠪᠢᠯᠬᠠᠨ᠎ᠠ᠃ ᠬᠡᠷᠡᠯᠳᠦᠠᠣᠳᠦ ᠰᠣᠮᠣ ᠶᠢᠨ ᠬᠢᠯᠢ ᠶᠢᠨ ᠲᠣᠮᠢᠯᠠᠭᠰᠠᠨ | ᠰᠠᠯᠪᠤᠷᠢ ᠶᠢᠨ ᠳᠠᠷᠤᠭ᠎ᠠ ᠪᠤᠶᠠᠨ᠄ ᠪᠢᠳᠡ ᠪᠣᠳᠠᠲᠤ ᠦᠷ᠎ᠡ ᠪᠦᠲᠦᠮᠵᠢ ᠪᠠᠷ ᠠᠪᠤᠷᠠᠨ ᠲᠤᠰᠠᠯᠠᠬᠤ᠂ ᠬᠠᠮᠤᠭ ᠤᠨ ᠶᠡᠭᠡ | ᠠᠪᠤᠷᠠᠨ ᠲᠤᠰᠠᠯᠠᠯᠲᠠ ᠶᠢ ᠦᠷᠳᠡᠭᠵᠢᠬᠦᠯᠬᠦ ᠵᠠᠷᠴᠢᠮ ᠢ ᠪᠠᠷᠢᠮᠲᠠᠯᠠᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠭᠡᠬᠦ | ᠡᠨᠡᠬᠦ ᠣᠨᠴᠠᠭᠠᠢ ᠬᠠᠮᠲᠤᠯᠢᠭ ᠲᠤ ᠳᠡᠮᠵᠢᠯᠭᠡ ᠦᠵᠡᠭᠦᠯᠵᠦ᠂ ᠲᠡᠳᠡᠨ ᠳᠤ ᠢᠳᠡᠪᠬᠢᠲᠡᠢ ᠬᠠᠪᠰᠤᠷᠤᠯᠭ᠎ᠠ ᠦᠵᠡᠭᠦᠯᠵᠦ᠂ | ᠬᠡᠦᠬᠡᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠲᠡᠳᠡᠨ ᠤ ᠢᠲᠡᠭᠡᠯ ᠵᠣᠷᠢᠭ ᠢ ᠬᠥᠪᠴᠢᠯᠡᠵᠦ᠂ | ᠡᠷᠡᠭᠦᠯ ᠢᠶᠠᠷ ᠦᠰᠦᠨ ᠪᠤᠶᠢᠵᠢᠬᠤ ᠶᠢ ᠪᠡᠶᠡᠯᠡᠭᠦᠯᠦᠨ᠎ᠡ ᠭᠡᠵᠦ ᠢᠯᠡᠳᠬᠡᠪᠡ᠃ | ᠬᠦᠴᠢᠷᠳᠡᠯ ᠳᠤ ᠲᠤᠯᠭᠠᠷᠠᠭᠰᠠᠨ ᠬᠡᠦᠬᠡᠳ ᠭᠡᠬᠦ ᠡᠨᠡᠬᠦ ᠣᠨᠴᠠᠭᠠᠢ ᠪᠠᠭᠤᠷᠠᠢ ᠬᠥᠮᠦᠰ ᠲᠤ ᠠᠩᠬᠠᠷᠤᠯ ᠢᠶᠠᠨ | ᠲᠥᠪᠯᠡᠷᠡᠭᠦᠯᠬᠦ ᠨᠢ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠬᠠᠶᠢᠷ᠎ᠠ ᠬᠠᠯᠠᠮᠵᠢ ᠶᠢᠨ ᠡᠳ᠋ ᠪᠣᠳᠠᠰ | ᠠᠪᠴᠢᠷᠠᠭᠰᠠᠨ ᠢᠶᠠᠷ ᠪᠠᠷᠠᠬᠤ ᠦᠭᠡᠢ ᠨᠡᠩ ᠴᠤ ᠬᠠᠶᠢᠷ᠎ᠠ ᠬᠠᠯᠠᠮᠵᠢ ᠶᠢᠨ ᠡᠨᠧᠷᠭᠢ ᠶᠢ ᠲᠥᠪᠯᠡᠷᠡᠭᠦᠯᠵᠦ᠂ ᠬᠠᠶᠢᠷ᠎ᠠ | ᠬᠠᠯᠠᠮᠵᠢ ᠪᠠᠷ ᠬᠡᠦᠬᠡᠳ ᠤᠨ ᠰᠡᠳᠬᠢᠯ ᠳᠠᠬᠢ ᠭᠠᠯ ᠪᠠᠮᠪᠠᠷ ᠢ ᠳᠠᠬᠢᠨᠲᠠ ᠨᠣᠴᠣᠭᠠᠭᠰᠠᠨ ᠪᠠᠶᠢᠨ᠎ᠠ᠃ | | | | |