ᠡᠷᠢᠶᠡᠨ ᠪᠣᠭᠤᠮᠲᠠ ᠶᠢᠨ ᠡᠨᠡ ᠵᠢᠯ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 60000 ᠪᠠᠷᠢᠮᠵᠢᠶᠠᠲᠤ ᠠᠪᠳᠠᠷ᠎ᠠ ᠶᠢ ᠳᠠᠪᠠᠪᠠ
ᠨᠡᠶᠢᠲᠡᠯᠡᠭᠰᠡᠨ ᠴᠠᠭ᠄
2021/4/6
  3 ᠰᠠᠷ᠎ᠠ ᠶᠢᠨ 31 ᠤ ᠡᠳᠦᠷ ᠤᠨ 15 ᠴᠠᠭ ᠲᠤ᠂ ᠣᠷᠣᠰ ᠤᠨ ᠴᠤᠪᠤᠭ᠎ᠠ ᠲᠡᠷᠭᠡ ᠠᠴᠠ ᠮᠣᠳᠣᠨ ᠮᠠᠲ᠋ᠧᠷᠢᠶᠠᠯ ᠢ ᠳᠦᠭᠦᠷᠲᠡᠯ᠎ᠡ ᠲᠡᠭᠡᠭᠡᠭᠰᠡᠨ ᠳᠤᠮᠳᠠᠳᠤ ᠧᠦ᠋ᠷᠣᠫᠠ ᠶᠢᠨ ᠵᠢᠰᠢᠶᠠᠨ ᠤ ᠴᠤᠪᠤᠭ᠎ᠠ ᠲᠡᠷᠭᠡ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠳᠤ ᠤᠷᠤᠭᠰᠢᠲᠠᠶ ᠪᠠᠷ ᠬᠥᠷᠪᠡ᠃ ᠡᠨᠡ ᠨᠢ ᠡᠨᠡ ᠵᠢᠯ ᠠᠴᠠ ᠨᠠᠰᠢ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 60000 ᠪᠠᠷᠢᠮᠵᠢᠶᠠᠲᠤ ᠬᠠᠶᠢᠷᠴᠠᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 32 ᠡᠳᠦᠷ ᠤᠨ ᠡᠮᠦᠨ᠎ᠡ ᠬᠠᠷᠠᠯᠲᠠ ᠡᠭᠦᠷᠭᠡ ᠪᠠᠨ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃    ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠨᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠤᠭᠰᠠᠨ ᠤ ᠬᠤᠪᠢ ᠳᠤ᠂ ᠣᠳᠣᠬᠠᠨ ᠳᠤ ᠡᠳᠦᠷ ᠪᠦᠷᠢ ᠳᠤᠮᠳᠠᠴᠢ ᠪᠠᠷ ᠳᠤᠮᠳᠠᠳᠤ ᠧᠦ᠋ᠷᠣᠫᠠ ᠶᠢᠨ ᠵᠢᠰᠢᠶᠠᠨ ᠤ ᠴᠤᠪᠤᠭ᠎ᠠ ᠲᠡᠷᠭᠡ ᠶᠢ 18 ᠵᠠᠯᠭᠠᠨ ᠲᠡᠭᠡᠭᠡᠪᠦᠷᠢᠯᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠡᠭᠡᠭᠡᠪᠦᠷᠢ ᠶᠢᠨ ᠬᠡᠮᠵᠢᠶ᠎ᠡ 4 ᠵᠢᠯ ᠳᠠᠷᠠᠭᠠᠯᠠᠨ 10% ᠠᠴᠠ ᠳᠡᠭᠡᠭᠰᠢᠬᠢ ᠨᠡᠮᠡᠭᠳᠡᠯ ᠤᠨ ᠬᠤᠷᠳᠤᠴᠠ ᠶᠢ ᠪᠠᠲᠤᠯᠠᠵᠤ ᠪᠠᠶᠢᠨ᠎ᠠ᠃    ᠬᠢᠵᠢᠭ ᠤᠨ ᠪᠠᠶᠢᠳᠠᠯ ᠳᠣᠣᠷ᠎ᠠ᠂ ᠠᠭᠠᠷ ᠤᠨ ᠲᠡᠭᠡᠭᠡᠪᠦᠷᠢ᠂ ᠳᠠᠯᠠᠢ ᠶᠢᠨ ᠲᠡᠭᠡᠭᠡᠪᠦᠷᠢ ᠵᠠᠯᠭᠠᠪᠡᠷ ᠨᠥᠯᠥᠭᠡᠯᠡᠭᠳᠡᠭᠰᠡᠨ ᠪᠠᠶᠢᠳᠠᠯ ᠳᠣᠣᠷ᠎ᠠ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠲᠡᠭᠡᠭᠡᠪᠦᠷᠢᠯᠡᠬᠦ ᠬᠦᠴᠦᠨ ᠢᠶᠠᠷ ᠶᠡᠭᠡ᠂ ᠴᠠᠭ ᠨᠢ ᠣᠨᠣᠪᠴᠢᠲᠠᠢ᠂ ᠦᠨ᠎ᠡ ᠬᠠᠩᠰᠢ ᠨᠢ ᠬᠢᠮᠳᠠ ᠵᠡᠷᠭᠡ ᠣᠨᠴᠠᠭᠠᠢ ᠳᠠᠪᠠᠭᠤᠯᠢᠭ ᠢᠶᠠᠷ ︽ᠰᠢᠨ᠎ᠡ ᠬᠦᠴᠦᠨ ᠴᠣᠯᠭᠤᠷᠠᠨ ᠭᠠᠷᠴᠤ︾᠂ ᠲᠠᠷᠬᠠᠭᠠᠯᠲᠠ ᠶᠢᠨ ᠲᠤᠭ᠎ᠠ  ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ  ᠬᠡᠯᠬᠢᠶ᠎ᠡ ᠶᠢᠨ ᠲᠤᠯᠭᠠᠭᠤᠷᠢ ᠬᠦᠴᠦᠨ ᠪᠣᠯᠵᠠᠢ᠃ ᠲᠡᠷᠡᠴᠢᠯᠡᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠦᠷᠭᠡᠨ ᠬᠥᠭᠵᠢᠯᠲᠡ ᠶᠢ ᠳᠠᠭᠠᠯᠳᠤᠨ᠂ ᠵᠠᠮ ᠳᠠᠭᠠᠤ ᠶᠢᠨ ᠠᠵᠤ ᠠᠬᠤᠶ ᠶᠢ ᠳᠠᠶᠢᠴᠢᠯᠠᠬᠤ᠂ ᠠᠬᠢᠭᠤᠯᠬᠤ ᠦᠢᠯᠡᠳᠦᠯ ᠢ ᠳᠣᠪᠤᠶᠢᠯᠭᠠᠨ ᠢᠯᠡᠷᠡᠭᠦᠯᠵᠦ᠂ ᠮᠠᠰᠢ ᠣᠯᠠᠨ ᠬᠤᠲᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ᠨᠠᠶᠢᠵᠠ ᠶᠢᠨ ᠲᠣᠭᠤᠷᠢᠭ︾ ᠲᠤ ᠣᠷᠣᠬᠤ ᠶᠢ ᠤᠯᠠᠮ ᠨᠢᠭᠡ ᠠᠯᠬᠤᠮ ᠥᠷᠭᠡᠳᠬᠡᠪᠡ᠃ ᠣᠲᠣ ᠪᠣᠯᠲᠠᠯ᠎ᠠ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠴᠤᠪᠤᠭ᠎ᠠ ᠲᠡᠷᠭᠡ ᠶᠢᠨ ᠠᠶᠠᠯᠠᠯ ᠤᠨ ᠱᠤᠭᠤᠮ ᠨᠢᠭᠡᠨᠲᠡ 45 ᠵᠤᠷᠪᠤᠰ ᠬᠦᠷᠴᠦ᠂ ᠪᠥᠬᠦ ᠤᠯᠤᠰ ᠤᠨ 22 ᠮᠤᠵᠢ ᠬᠤᠲᠠ ᠶᠢᠨ 40 ᠭᠠᠷᠤᠶ ᠬᠤᠲᠠ ᠶᠢ ᠬᠢᠯᠢ ᠶᠢᠨ ᠳᠣᠲᠣᠷ᠎ᠠ ᠡᠬᠢᠯᠡᠨ ᠶᠠᠪᠤᠭᠤᠯᠵᠤ᠂ ᠬᠢᠯᠢ ᠶᠢᠨ ᠭᠠᠳᠠᠨᠠᠬᠢ ᠵᠣᠷᠢᠭᠰᠠᠨ ᠭᠠᠵᠠᠷ ᠨᠢ 10 ᠤᠯᠤᠰ ᠤᠨ 60 ᠭᠠᠷᠤᠶ ᠭᠠᠵᠠᠷ ᠣᠷᠣᠨ᠂ ᠭᠠᠷᠠᠮ ᠳᠤ ᠬᠦᠷᠲᠡᠯ᠎ᠡ ᠥᠷᠭᠡᠵᠢᠪᠡ᠃    ᠳᠤᠮᠳᠠᠳᠤ ᠧᠦ᠋ᠷᠣᠫᠠ ᠶᠢᠨ ᠴᠤᠪᠤᠭ᠎ᠠ ᠲᠡᠷᠭᠡ ᠶᠢᠨ ᠬᠢᠯᠢ ᠳᠤ ᠣᠷᠣᠵᠤ ᠢᠷᠡᠬᠦ ᠶᠢ ᠲᠣᠭᠲᠠᠭᠤᠨ ᠪᠥᠭᠡᠳ ᠡᠮᠬᠢ ᠵᠢᠷᠤᠮ ᠲᠠᠢ ᠡᠵᠡᠩᠨᠡᠬᠦ ᠶᠢ ᠪᠠᠲᠤᠯᠠᠬᠤ ᠶᠢᠨ ᠳᠣᠰᠠᠳᠠ᠂ ᠲᠡᠮᠦᠷ ᠵᠠᠮ ᠤᠨ ᠰᠠᠯᠠᠭ᠎ᠠ ᠮᠥᠴᠢᠷ ᠤᠳ ᠪᠣᠭᠤᠮᠲᠠ᠂ ᠬᠢᠯᠢ ᠶᠢᠨ ᠪᠠᠶᠢᠴᠠᠭᠠᠯᠲᠠ ᠵᠢᠴᠢ ᠮᠣᠩᠭᠤᠯ ᠤᠨ ᠲᠠᠯ᠎ᠠ ᠶᠢᠨ ᠲᠡᠮᠦᠷ ᠵᠠᠮ ᠤᠨ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠪᠠᠷᠠᠭᠠᠨ ᠤ ᠪᠣᠭᠤᠮᠲᠠ ᠪᠠᠷ ᠥᠩᠭᠡᠷᠡᠬᠦ᠂ ᠭᠠᠯᠲᠤ ᠲᠡᠷᠭᠡ ᠶᠢ ᠪᠠᠶᠢᠴᠠᠭᠠᠨ ᠰᠢᠯᠭᠠᠬᠤ᠂ ᠲᠡᠷᠭᠡ ᠬᠥᠰᠬᠡ ᠲᠤᠰᠢᠶᠠᠬᠤ ᠪᠠ ᠭᠥᠯᠢᠶᠡᠨ ᠠᠪᠬᠤ ᠵᠡᠷᠭᠡ ᠴᠤᠪᠤᠷᠠᠯ ᠢ ᠪᠣᠭᠤᠨᠢᠰᠬᠠᠵᠤ᠂ ᠲᠡᠮᠦᠷ ᠵᠠᠮ ᠤᠨ ᠣᠯᠠᠨ ᠤᠯᠤᠰ ᠤᠨ ᠬᠠᠮᠲᠤᠷᠠᠭᠰᠠᠨ ᠲᠡᠭᠡᠭᠡᠪᠦᠷᠢ ᠶᠢᠨ ᠴᠠᠭᠠᠰᠤ ᠬᠡᠷᠡᠭᠯᠡᠬᠦ ᠥᠬᠡᠶ ᠪᠠᠷ ᠪᠣᠭᠤᠮᠲᠠ ᠥᠩᠭᠡᠷᠡᠬᠦ ᠪᠠ ᠲᠣᠭᠠᠴᠢᠯᠠᠭᠰᠠᠨ ᠪᠣᠭᠤᠮᠲᠠ ᠶᠢᠨ ᠰᠢᠰᠲ᠋ᠧᠮ ᠢ ᠬᠦᠢᠴᠡᠳ ᠠᠰᠢᠭᠯᠠᠨ᠂ ᠡᠭᠡᠯᠵᠢ ᠶᠢᠨ ᠴᠤᠪᠤᠭ᠎ᠠ ᠲᠡᠷᠭᠡ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠪᠠᠷᠠᠭᠠᠨ ᠤ ᠰᠠᠭᠠᠳ ᠥᠬᠡᠶ ᠨᠡᠪᠲᠡᠷᠡᠬᠦ ᠶᠢ ᠪᠡᠶᠡᠯᠡᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号