ᠯᠦ ᠪᠦᠦ ᠳ᠋ᠦᠩ ᠪᠦᠯᠬᠦᠮ ᠢᠶᠠᠨ ᠳᠠᠭᠠᠭᠤᠯᠤᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/4/8
    4 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠪᠦᠯᠬᠦᠮ ᠳᠠᠭᠠᠭᠤᠯᠤᠨ ᠪᠣᠭᠤᠮᠲᠠ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠳᠠ ᠶᠢᠨ ᠳᠡᠳ᠋ ᠳᠠᠷᠤᠭ᠎ᠠ  ᠴᠣᠭᠵᠢᠯ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠳᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
  ᠯᠦ ᠪᠦᠦ ᠳ᠋ᠦᠩ ᠨᠡᠷ ᠤᠷᠢᠳ ᠬᠤᠵᠢᠳ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠵᠠᠮ ᠤᠨ ᠲᠡᠭ  ᠺᠢᠯᠣᠮᠧᠲᠷ  ᠤᠨ ᠭᠠᠵᠠᠷ᠂ ᠬᠤᠢ ᠲᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠤᠸᠠᠨ ᠢᠦᠢ ᠪᠠᠭᠤᠳᠠᠯ ᠤᠨ ᠠᠵᠢᠯᠲᠠᠳ ᠢ ᠲᠤᠰᠠᠭᠠᠷᠯᠠᠬᠤ ᠪᠠᠶᠢᠷᠢ᠂ ᠲᠡᠮᠦᠷ ᠵᠠᠮ ᠤᠨ ᠠᠮᠤ ᠪᠤᠳᠠᠭᠠᠨ ᠤ ᠲᠤᠰᠬᠠᠢ ᠱᠤᠭᠤᠮ ᠤᠨ ᠲᠣᠭᠤᠷᠢᠭ ᠵᠡᠷᠭᠡ ᠭᠠᠵᠠᠷ ᠲᠤ ᠬᠦᠷᠴᠦ᠂ ᠬᠢᠯᠢ ᠪᠠᠷ ᠣᠷᠣᠵᠤ ᠭᠠᠷᠬᠤ ᠪᠠᠷᠠᠭᠠᠨ ᠤ ᠲᠡᠷᠭᠡ ᠶᠢᠨ ᠲᠤᠭ᠎ᠠ ᠬᠡᠮᠵᠢᠶ᠎ᠡ᠂ ᠵᠢᠯᠣᠭᠤᠴᠢ ᠪᠠ ᠰᠠᠭᠤᠳᠠᠯ ᠤᠨ ᠠᠵᠢᠯᠲᠠᠳ ᠤᠨ ᠬᠠᠮᠢᠶᠠᠷᠤᠯᠲᠠ᠂ ᠬᠢᠵᠢᠭ ᠢ ᠰᠡᠷᠭᠡᠶᠢᠯᠡᠨ ᠬᠠᠮᠢᠶᠠᠷᠤᠨ ᠡᠵᠡᠮᠳᠡᠬᠦ ᠶᠠᠪᠤᠴᠠ ᠵᠡᠷᠭᠡ ᠪᠠᠶᠢᠳᠠᠯ ᠢ ᠨᠠᠷᠢᠨ ᠨᠢᠭᠲᠠ ᠯᠠᠪᠯᠠᠨ ᠠᠰᠠᠭᠤᠪᠠ᠃ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ᠂ ᠠᠷᠢᠭᠤᠳᠬᠠᠵᠤ ᠤᠰᠠᠳᠬᠠᠭᠰᠠᠨ ᠵᠡᠷᠭᠡ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠯᠦ ᠪᠦᠦ ᠳ᠋ᠦᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠭᠠᠵᠠᠷ ᠲᠤᠨᠢ ᠲᠤᠬᠢᠷᠠᠭᠤᠯᠤᠨ ᠪᠠᠶᠢᠷᠢᠯᠠᠭᠤᠯᠵᠠᠢ᠃
   ᠯᠦ ᠪᠦᠦ ᠳ᠋ᠦᠩ ᠵᠢᠭᠠᠵᠤ ᠭᠠᠷᠭᠠᠭᠰᠠᠨ ᠨᠢ᠂ ᠣᠳᠣᠬᠠᠨ ᠳᠤ ᠮᠣᠩᠭᠤᠯ ᠤᠯᠤᠰ ᠤᠨ ᠬᠢᠵᠢᠭ ᠤᠨ ᠪᠠᠶᠢᠳᠠᠯ ᠬᠦᠨᠳᠦ ᠬᠡᠴᠡᠭᠦᠦ ᠪᠠᠶᠢᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠪᠠᠶᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠯᠢ ᠶᠢᠨ ᠭᠠᠳᠠᠨᠠᠬᠢ ᠬᠢᠵᠢᠭ ᠤᠨ ᠣᠷᠣᠵᠤ ᠢᠷᠡᠬᠦ ᠶᠢ ᠰᠡᠷᠭᠡᠶᠢᠯᠡᠬᠦ ᠠᠵᠢᠯ ᠢ ᠤᠯᠠᠮ ᠴᠢᠨᠠᠭᠰᠢᠳᠠ ᠰᠠᠶᠢᠲᠤᠷ ᠬᠢᠵᠦ᠂ ᠠᠵᠢᠯ ᠤᠨ ᠲᠣᠭᠲᠠᠴᠠ ᠶᠢ ᠤᠯᠠᠮ ᠴᠢᠨᠠᠭᠰᠢᠳᠠ ᠨᠠᠷᠢᠯᠢᠬᠵᠢᠭᠤᠯᠤᠨ ᠰᠢᠯᠢᠳᠡᠭᠵᠢᠭᠦᠯᠵᠦ᠂ ᠲᠡᠷᠭᠡ ᠤᠨᠤᠭ᠎ᠠ ᠶᠢ ᠤᠰᠠᠳᠬᠠᠬᠤ᠂ ᠵᠢᠯᠣᠭᠤᠴᠢ ᠪᠠ ᠰᠠᠭᠤᠳᠠᠯ ᠤᠨ ᠠᠵᠢᠯᠳᠠᠨ ᠢ ᠬᠠᠮᠢᠶᠠᠷᠬᠤ᠂ ᠨᠢᠭᠡᠳᠦᠭᠡᠷ ᠹᠷᠣᠨᠲ ᠤᠨ ᠠᠵᠢᠯᠳᠠᠨ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠠᠵᠢᠯᠳᠠᠨ ᠢ ᠬᠠᠮᠢᠶᠠᠷᠤᠨ ᠡᠵᠡᠮᠳᠡᠬᠦ ᠲᠠᠯ᠎ᠠ ᠪᠠᠷ ᠪᠣᠳᠠᠲᠠᠢ ᠪᠥᠭᠡᠳ ᠨᠠᠷᠢᠯᠢᠭ  ᠠᠳᠬᠤᠬᠤ ᠬᠡᠷᠡᠭᠲᠡᠢ᠃ ᠪᠠᠷᠠᠭᠠᠨ ᠤ ᠪᠣᠭᠤᠮᠲᠠ ᠪᠠᠷ ᠥᠩᠭᠡᠷᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠨᠢᠭᠲᠠ ᠪᠥᠭᠡᠳ ᠪᠠᠲᠤ ᠰᠦᠯᠵᠢᠵᠦ᠂ ᠭᠠᠳᠠᠨᠠᠬᠢ ᠬᠢᠵᠢᠭ ᠤᠨ ᠪᠠᠶᠢᠳᠠᠯ ᠤᠨ ᠣᠷᠣᠵᠤ ᠢᠷᠡᠬᠦ ᠶᠢ ᠡᠷᠡᠰ ᠬᠤᠷᠢᠭᠯᠠᠬᠤ ᠬᠡᠷᠡᠭᠲᠡᠶ᠃    ᠯᠦ ᠪᠦᠦ ᠳ᠋ᠦᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠴᠢᠨᠠᠭᠰᠢᠳᠠ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃ ᠬᠠᠮᠢᠶ᠎ᠠ ᠪᠥᠬᠦᠶ ᠠᠵᠤ ᠠᠬᠤᠶᠢᠯᠠᠯ ᠤᠳ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠠᠵᠢᠯᠲᠠᠨ᠂ ᠲᠡᠷᠭᠡ ᠬᠥᠰᠬᠡ ᠶᠢᠨ ᠬᠢᠵᠢᠭ ᠢ ᠠᠷᠢᠯᠭᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠨᠢᠭᠡᠳᠦᠭᠡᠷ ᠹᠷᠣᠨᠲ ᠤᠨ ᠠᠵᠢᠯᠲᠠᠨ ᠤ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠢᠨᠵᠢᠯᠡᠬᠦ ᠤᠬᠠᠭᠠᠨᠴᠢ ᠪᠠᠷ ᠨᠢᠭᠲᠠ ᠴᠢᠩᠭ᠎ᠠ ᠰᠠᠶᠢᠲᠤᠷ ᠬᠢᠬᠦ ᠬᠡᠷᠡᠭᠲᠡᠶ᠃ ᠬᠢᠵᠢᠭ ᠰᠡᠷᠭᠡᠶᠢᠯᠡᠬᠦ ᠰᠠᠯᠠᠭ᠎ᠠ ᠮᠥᠴᠢᠷ ᠤᠳ ᠮᠡᠷᠭᠡᠵᠢᠯ ᠤᠨ ᠵᠢᠯᠣᠭᠤᠳᠣᠯᠭ᠎ᠠ ᠪᠠ ᠳᠡᠮᠵᠢᠯᠭᠡ ᠪᠠᠨ ᠴᠢᠩᠭᠠᠳᠬᠠᠵᠤ᠂ ᠪᠣᠳᠠᠲᠠᠶ ᠠᠰᠠᠭᠤᠳᠠᠯ ᠢ ᠬᠠᠪᠰᠤᠷᠤᠨ ᠵᠣᠬᠢᠴᠠᠭᠤᠯᠤᠨ ᠰᠢᠢᠳᠪᠣᠷᠢᠯᠡᠵᠦ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号