ᠡᠷᠢᠶᠡᠨ ᠪᠣᠭᠤᠮᠲᠠ᠄ ᠬᠥᠭᠵᠢᠨ ᠮᠠᠨᠳᠤᠭᠰᠠᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ
ᠨᠡᠶᠢᠲᠡᠯᠡᠭᠰᠡᠨ ᠴᠠᠭ᠄
2021/4/8
 
      ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠢ ᠲᠦᠷᠭᠡᠪᠴᠢᠯᠡᠨ ᠪᠠᠶᠢᠭᠤᠯᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠴᠤᠪᠤᠭ᠎ᠠ ᠲᠡᠷᠭᠡ ᠶᠢᠨ ᠠᠶᠠᠯᠠᠯ ᠤᠨ ᠱᠤᠭᠤᠮ ᠤᠨ ᠲᠤᠭ᠎ᠠ᠂ ᠲᠡᠭᠡᠭᠡᠪᠦᠷᠢ ᠶᠢᠨ ᠬᠡᠮᠵᠢᠶ᠎ᠡ ᠲᠣᠭᠲᠠᠭᠤᠨ ᠢᠶᠠᠷ ᠳᠡᠭᠡᠭᠰᠢᠯᠡᠵᠦ᠂ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠳᠥᠯᠭᠢᠨ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠬᠦᠬᠦᠷᠭᠡ ᠪᠠᠬᠢᠯᠡᠯᠲᠡ ᠶᠢᠨ ᠦᠢᠯᠡᠳᠦᠯ ᠡᠳᠦᠷ ᠢᠷᠡᠬᠦᠶ᠎ᠡ ᠢᠯᠡᠷᠬᠡᠶ ᠪᠣᠯᠵᠣ ᠪᠠᠶᠢᠨ᠎ᠠ᠃    
                2019 ᠣᠨ ᠤ 6 ᠰᠠᠷ᠎ᠠ ᠳᠤ᠂ ᠳᠤᠮᠳᠠᠳᠤ ᠮᠣᠩᠭᠤᠯ ᠬᠤᠶᠠᠷ ᠤᠯᠤᠰ ᠤᠨ ᠵᠠᠰᠠᠭ ᠤᠨ ᠣᠷᠳᠣᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠢ ᠪᠥᠲᠥᠭᠡᠨ ᠪᠠᠶᠢᠭᠤᠯᠬᠤ ᠬᠡᠯᠡᠯᠴᠡᠭᠡᠷ ᠲᠤ ᠵᠢᠩᠬᠢᠨᠢ ᠪᠠᠷ ᠭᠠᠷ ᠤᠨ ᠥᠰᠥᠭ ᠵᠢᠷᠤᠪᠠ᠂ ᠡᠨᠡ ᠪᠣᠯ ᠳᠤᠮᠳᠠᠳᠤ ᠮᠣᠩᠭᠤᠯ ᠤᠨ ᠠᠩᠬᠠᠳᠠᠭᠴᠢ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠮᠥᠨ᠂ ᠪᠠᠰᠠ ᠴᠤ ᠳᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠮᠣᠩᠭᠤᠯ ᠤᠯᠤᠰ ᠤᠨ ︽ᠬᠥᠭᠵᠢᠯᠲᠡ ᠶᠢᠨ ᠵᠠᠮ︾ ᠤᠨ ᠪᠠᠶᠢᠯᠳᠤᠬᠤ ᠪᠣᠳᠣᠯᠭ᠎ᠠ ᠲᠠᠢ ᠵᠣᠯᠭᠠᠭᠤᠯᠬᠤ ᠶᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠥᠪᠡᠷᠲᠡᠭᠡᠨ ᠵᠠᠰᠠᠬᠤ ᠣᠷᠣᠨ ᠤ ᠳᠤᠷᠠᠳᠤᠭᠰᠠᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠶᠢᠨ ᠴᠢᠬᠤᠯᠠ ᠢᠯᠡᠷᠡᠯ ᠮᠥᠨ᠃ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠲᠥᠯᠥᠪᠵᠢᠭᠦᠯᠦᠭᠰᠡᠨ ᠲᠠᠯᠠᠪᠠᠶ 18.03 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠡᠭᠦᠨ ᠳᠤ ᠳᠤᠮᠳᠠᠳᠤ ᠶᠢᠨ ᠲᠠᠯ᠎ᠠ ᠶᠢᠨ ᠬᠢᠨ 9.03 ᠲᠡᠭᠰᠢ ᠳᠥᠷᠪᠡᠯᠵᠢᠨ ᠺᠢᠯᠣᠮᠧᠲᠷ᠂ ᠮᠣᠩᠭᠤᠯ ᠤᠨ ᠲᠠᠯ᠎ᠠ ᠨᠢ 9 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ︽ᠬᠤᠶᠠᠷ ᠤᠯᠤᠰ ᠨᠢᠭᠡ ᠲᠣᠭᠤᠷᠢᠭ᠂ ᠬᠠᠮᠵᠢᠯᠴᠠᠨ ᠬᠥᠭᠵᠢᠬᠦ︾᠂ ︽ᠨᠢᠭᠡᠳᠦᠭᠡᠷ ᠹᠷᠣᠨᠲ ᠢ ᠴᠢᠯᠥᠭᠡᠲᠡᠢ ᠪᠣᠯᠭᠠᠵᠤ᠂ ᠬᠤᠶᠠᠳᠤᠭᠠᠷ ᠹᠷᠣᠨᠲ ᠢ  ᠬᠠᠮᠢᠶᠠᠷᠣᠨ ᠡᠵᠡᠮᠳᠡᠬᠦ︾ ᠵᠠᠭᠪᠤᠷ ᠢ ᠬᠡᠷᠡᠭᠯᠡᠵᠦ᠂ ᠤᠯᠠᠨ ᠤᠯᠤᠰ ᠤᠨ ᠠᠷᠠᠯᠵᠢᠶ᠎ᠠ᠂ ᠡᠳ᠋ ᠪᠠᠷᠠᠭᠠᠨ ᠤ ᠭᠦᠢᠯᠭᠡᠭᠡ ᠶᠢ ᠬᠥᠮᠥᠷᠭᠡᠯᠡᠬᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠵᠤ ᠡᠳ᠋ᠰᠢᠭᠦᠯᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠵᠤᠭᠠᠴᠠᠯ ᠵᠤᠭ᠎ᠠ ᠴᠡᠩᠭᠡᠯ ᠵᠢᠴᠢ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠤᠯᠠᠨ ᠴᠢᠳᠠᠮᠵᠢ ᠶᠢ ᠨᠢᠭᠡ ᠴᠤᠬᠴᠠᠵᠢᠭᠤᠯᠤᠬᠰᠠᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠬᠦ ᠲᠠᠪᠴᠠᠩ ᠢ ᠪᠠᠶᠢᠭᠤᠯᠵᠤ᠂ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠤᠨ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ ᠠᠬᠢᠭᠤᠯᠬᠤ ᠵᠠᠭᠪᠤᠷ ᠢ ᠪᠤᠢ ᠪᠣᠯᠭᠠᠨ᠎ᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠤᠨ ᠨᠢᠭᠡᠳᠦᠭᠡᠷ ᠤᠯᠠᠷᠢᠯ ᠳᠤ ᠡᠷᠢᠶᠡᠨ ᠤ ᠲᠡᠮᠦᠷ ᠵᠠᠮ ᠤᠨ ᠪᠣᠭᠤᠮᠲᠠ ᠳᠤ ᠬᠢᠯᠢ ᠪᠠᠷ ᠣᠷᠣᠭᠤᠯᠵᠤ ᠭᠠᠷᠭᠠᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠴᠤᠪᠤᠭ᠎ᠠ ᠲᠡᠷᠭᠡ ᠶᠢ ᠨᠡᠶᠢᠲᠡ 584 ᠵᠠᠯᠭᠠᠨ ᠲᠡᠭᠡᠭᠡᠪᠦᠷᠢᠯᠡᠵᠦ᠂ ᠠᠳᠠᠯᠢ ᠬᠤᠭᠤᠴᠠᠭᠠᠨ ᠠᠴᠠ 53.7% ᠪᠠᠷ ᠨᠡᠮᠡᠭᠳᠡᠭᠰᠡᠨ ᠪᠠᠶᠢᠨ᠎ᠠ᠃ ᠣᠶᠢᠷ᠎ᠠ ᠶᠢᠨ ᠡᠳᠦᠷ ᠤᠳ ᠲᠤ ᠡᠷᠢᠶᠡᠨ ᠤ ᠲᠡᠮᠦᠷ ᠵᠠᠮ ᠤᠨ ᠪᠣᠭᠤᠮᠲᠠ ᠳᠤ ᠬᠢᠯᠢ ᠪᠠᠷ ᠣᠷᠣᠭᠤᠯᠵᠤ ᠭᠠᠷᠭᠠᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠴᠤᠪᠤᠭ᠎ᠠ ᠲᠡᠷᠭᠡ ᠶᠢ 584 ᠵᠠᠯᠭᠠᠨ ᠲᠡᠭᠡᠭᠡᠪᠦᠷᠢᠯᠡᠵᠦ᠂ 60113 ᠪᠠᠷᠢᠮᠵᠢᠶᠠᠲᠤ ᠬᠠᠶᠢᠷᠴᠠᠭ ᠢ ᠳᠦᠭᠦᠷᠲᠡᠯ᠎ᠡ ᠲᠡᠭᠡᠭᠡᠵᠦ᠂ ᠠᠳᠠᠯᠢ ᠬᠤᠭᠤᠴᠠᠭᠠᠨ ᠤ ᠬᠢ ᠠᠴᠠ 51.1% ᠪᠠᠷ ᠨᠡᠮᠡᠭᠳᠡᠪᠡ᠃ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠦᠷᠭᠡᠨ ᠬᠥᠭᠵᠢᠯᠲᠡ ᠨᠢ ᠵᠠᠮ ᠳᠠᠭᠠᠤ ᠶᠢᠨ ᠠᠵᠤ ᠠᠬᠤᠢ ᠶᠢ ᠳᠠᠶᠢᠴᠢᠯᠠᠬᠤ ᠪᠠ ᠠᠬᠢᠭᠤᠯᠬᠤ ᠦᠢᠯᠡᠳᠦᠯ ᠡᠳᠦᠷ ᠢᠷᠡᠬᠦᠶ᠎ᠡ ᠢᠯᠡᠷᠡᠵᠦ᠂ ᠤᠯᠠᠮ ᠠᠴᠠ ᠤᠯᠠᠮ ᠤᠯᠠᠨ ᠬᠤᠳᠠ ᠶᠢ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ ᠨᠠᠶᠢᠵᠠ ᠶᠢᠨ ᠲᠣᠭᠤᠷᠢᠭ︾ ᠲᠤ ᠣᠷᠣᠭᠤᠯᠬᠤ ᠪᠣᠯᠭᠠᠭᠰᠠᠨ ᠪᠠᠶᠢᠨ᠎ᠠ᠃ ᠣᠳᠣᠬᠠᠨ ᠳᠤ ᠡᠷᠢᠶᠡᠨ ᠲᠡᠮᠦᠷ ᠵᠠᠮ ᠤᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠴᠤᠪᠤᠭ᠎ᠠ ᠲᠡᠷᠭᠡ ᠶᠢᠨ ᠠᠶᠠᠯᠠᠯ ᠤᠨ ᠱᠤᠭᠤᠮ ᠨᠢᠭᠡᠨᠲᠡ 45 ᠵᠤᠷᠪᠤᠰ ᠪᠣᠯᠵᠣ᠂ ᠬᠢᠯᠢ ᠶᠢᠨ ᠳᠣᠲᠣᠷᠠᠬᠢ ᠠᠩᠬᠠᠳᠠᠭᠴᠢ ᠭᠠᠵᠠᠷ ᠨᠢ ᠪᠥᠬᠦ ᠤᠯᠤᠰ ᠤᠨ 22 ᠮᠤᠵᠢ ᠬᠤᠲᠠ ᠶᠢᠨ 40 ᠭᠠᠷᠤᠶ ᠬᠤᠲᠠ ᠶᠢ ᠬᠠᠮᠤᠷᠴᠤ᠂ ᠬᠢᠯᠢ ᠶᠢᠨ ᠭᠠᠳᠠᠨᠠᠬᠢ ᠵᠣᠷᠢᠭᠰᠠᠨ ᠭᠠᠵᠠᠷ ᠨᠢ 10 ᠤᠯᠤᠰ ᠤᠨ 60 ᠭᠠᠷᠤᠶ ᠭᠠᠵᠠᠷ ᠣᠷᠣᠨ᠂ ᠭᠠᠷᠠᠮ ᠳᠤ ᠬᠦᠷᠲᠡᠯ᠎ᠡ ᠥᠷᠭᠡᠵᠢᠪᠡ᠃       ᠳᠤᠮᠳᠠᠳᠤ ᠧᠦ᠋ᠷᠣᠫᠠ ᠶᠢᠨ ᠡᠭᠡᠯᠵᠢᠨ ᠤ ᠬᠢᠯᠢ ᠳᠤ ᠣᠷᠣᠵᠤ ᠢᠷᠡᠬᠦ ᠶᠢ ᠲᠣᠭᠲᠠᠭᠤᠨ ᠡᠮᠬᠢ ᠳᠢᠭᠯᠢᠮ ᠲᠠᠢ ᠪᠠᠶᠢᠯᠭᠠᠬᠤ ᠶᠢ ᠲᠡᠮᠦᠷ ᠵᠠᠮ ᠤᠨ ᠰᠠᠯᠠᠭ᠎ᠠ ᠮᠥᠴᠢᠷ ᠤᠳ ᠲᠣᠰ ᠪᠡᠶ᠎ᠡ ᠶᠢᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠨ ᠢᠳᠡᠪᠬᠢᠲᠡᠶ ᠪᠠᠷ ᠳᠡᠭᠡᠭᠰᠢᠯᠡᠭᠦᠯᠵᠦ᠂ ᠪᠣᠭᠤᠮᠲᠠ᠂ ᠬᠢᠯᠢ ᠶᠢᠨ ᠪᠠᠶᠢᠴᠠᠭᠠᠯᠲᠠ ᠵᠢᠴᠢ ᠮᠣᠩᠭᠤᠯ ᠤᠨ ᠲᠠᠯ᠎ᠠ ᠶᠢᠨ ᠲᠡᠮᠦᠷ ᠵᠠᠮ ᠤᠨ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ᠂ ᠭᠠᠯᠲᠤ ᠲᠡᠷᠭᠡ ᠶᠢ ᠪᠠᠶᠢᠴᠠᠭᠠᠨ ᠰᠢᠯᠭᠠᠬᠤ᠂ ᠲᠡᠷᠭᠡ ᠬᠥᠰᠬᠡ ᠲᠤᠰᠢᠶᠠᠬᠤ ᠪᠠ ᠭᠥᠯᠢᠶᠡᠨ ᠠᠪᠬᠤ ᠵᠡᠷᠭᠡ ᠴᠤᠪᠤᠷᠠᠯ ᠤᠨ ᠬᠡᠷᠡᠭᠰᠡᠬᠦ ᠴᠠᠭ ᠢ ᠪᠣᠭᠤᠨᠢᠰᠬᠠᠵᠤ᠂ ᠲᠡᠮᠦᠷ ᠵᠠᠮ ᠤᠨ ᠣᠯᠠᠨ ᠤᠯᠤᠰ ᠤᠨ ᠬᠠᠮᠲᠤᠷᠠᠭᠰᠠᠨ ᠲᠡᠭᠡᠭᠡᠪᠦᠷᠢ ᠶᠢᠨ ᠴᠠᠭᠠᠰᠤ ᠬᠡᠷᠡᠭᠯᠡᠬᠦ ᠥᠬᠡᠶ ᠪᠠᠷ ᠪᠣᠭᠤᠮᠲᠠ ᠪᠠᠷ ᠥᠩᠭᠡᠷᠡᠬᠦ ᠪᠠ ᠲᠣᠭᠠᠴᠢᠯᠠᠭᠰᠠᠨ ᠪᠣᠭᠤᠮᠲᠠ ᠶᠢᠨ ᠰᠢᠰᠲ᠋ᠧᠮ ᠢ ᠬᠦᠢᠴᠡᠳ ᠠᠰᠢᠭᠯᠠᠨ᠂ ᠡᠭᠡᠯᠵᠢ ᠶᠢᠨ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠪᠠᠷᠠᠭ᠎ᠠ ᠶᠢᠨ ᠬᠦᠢᠯᠭᠡᠭᠡ ᠶᠢ ᠰᠠᠭᠠᠳ ᠥᠬᠡᠶ ᠨᠡᠪᠲᠡᠷᠡᠭᠦᠯᠬᠦ ᠶᠢ ᠪᠡᠶᠡᠯᠡᠭᠦᠯᠦᠨ᠎ᠡ᠃        ᠡᠬᠡ ᠤᠯᠤᠰ ᠤᠮᠠᠷᠠᠲᠤ ᠳᠤ ᠰᠦᠨᠳᠡᠷᠯᠡᠵᠦ᠂ ᠤᠯᠤᠰ ᠤᠨ ᠡᠭᠦᠳᠡᠨ ᠳᠤ ᠰᠡᠬᠦ᠋ᠢᠨ ᠰᠦᠨᠳᠡᠷᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠨᠢᠭᠡᠨᠲᠡ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠵᠠᠢ᠂ ᠮᠠᠨ ᠤ ᠬᠤᠳᠠ ᠶᠢᠨ ᠬᠢᠨ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠡᠵᠡᠮᠳᠡᠵᠦ᠂ ᠪᠣᠭᠤᠮᠲᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠳᠦᠬᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠵᠤ᠂ ᠳᠤᠮᠳᠠᠳᠤ ᠤᠯᠤᠰ ᠤᠨ ᠤᠮᠠᠷᠠᠲᠤ ᠶᠢᠨ ᠲᠡᠷᠢᠭᠦᠨ ᠵᠡᠷᠭᠡ ᠶᠢᠨ ᠪᠣᠭᠤᠮᠲᠠ ᠶᠢᠨ ᠬᠤᠳᠠ ᠶᠢ ᠲᠦᠷᠭᠡᠳᠬᠡᠨ ᠪᠠᠶᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号