︽ᠨᠠᠮ ᠤᠨ ᠲᠡᠦᠬᠡ ᠶᠢ ᠰᠤᠷᠤᠯᠴᠠᠨ ᠦᠵᠡᠯ ᠰᠠᠨᠠᠭ᠎ᠠ ᠶᠢ ᠣᠶᠢᠯᠠᠭᠠᠵᠤ ᠪᠣᠳᠠᠲᠤ ᠶᠠᠪᠤᠳᠠᠯ ᠬᠢᠵᠦ ᠰᠢᠨ᠎ᠡ ᠪᠠᠶᠢᠳᠠᠯ ᠢ ᠨᠡᠭᠡᠭᠡᠨ᠎ᠡ︾ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/9
    4 ᠰᠠᠷ᠎ᠠ ᠶᠢᠨ 8 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠩᠬᠠᠳᠤᠭᠠᠷ ᠰᠤᠳᠤᠯᠤᠨ ᠶᠠᠷᠢᠯᠴᠠᠬᠤ ᠭᠤᠣᠯ ᠰᠡᠳᠦᠪ ᠨᠢ ᠨᠠᠮ ᠤᠨ ᠲᠡᠦᠬᠡ ᠶᠢᠨ ᠨᠢᠭᠡᠳᠦᠭᠡᠷ ᠬᠢᠴᠢᠶᠡᠯ ᠢ ᠰᠤᠷᠤᠯᠴᠠᠬᠤ ᠶᠢᠨ ᠲᠣᠭᠤᠷᠢᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠲᠠᠢ ᠤᠶᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ ᠢ ᠰᠠᠶᠢᠲᠤᠷ ᠶᠠᠷᠢᠬᠤ ᠶᠠᠪᠤᠳᠠᠯ ᠪᠣᠯᠤᠨ᠎ᠠ᠃ ᠲᠤᠰ ᠤᠳᠠᠭᠠᠨ ᠤ ᠰᠤᠳᠤᠯᠤᠨ ᠶᠠᠷᠢᠯᠴᠠᠭ᠎ᠠ ᠪᠣᠯ ᠲᠦᠷᠦᠭᠦᠦ ᠨᠢᠭᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠠᠩᠬᠠᠳᠤᠭᠠᠷ ᠬᠤᠭᠤᠴᠠᠭᠠᠨ ᠤ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠨᠠᠮ ᠤᠨ ᠲᠡᠦᠬᠡ ᠤᠩᠰᠢᠬᠤ ᠬᠢᠴᠢᠶᠡᠯ ᠵᠢᠴᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠲᠤᠬᠠᠶ ᠥᠭᠦᠯᠡᠬᠦ ᠨᠢ︾ ︽ᠮᠠᠤ ᠽᠧ ᠳ᠋ᠦᠩ ᠳ᠋ᠧᠩ ᠰᠢᠶᠤᠤ ᠫᠢᠩ ᠵᠢᠶᠠᠩ  ᠽᠧ ᠮᠢᠨ ᠬᠤ᠋ ᠶᠢᠨ ᠲᠤᠤ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠥᠭᠦᠯᠡᠯᠲᠡ ᠶᠢᠨ ᠲᠣᠪᠴᠢᠯᠠᠯ︾ ᠤᠨ ᠰᠤᠷᠤᠯᠴᠠᠭᠰᠠᠨ ᠦᠷ᠎ᠡ ᠪᠦᠲᠦᠭᠡᠯ ᠤᠨ ᠰᠢᠯᠭᠠᠯᠲᠠ ᠪᠣᠯᠤᠨ᠎ᠠ᠃    ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠠᠭᠤᠯᠠ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠷᠧᠨ ᠵᠢᠶᠠᠨ ᠯᠦ᠂ ᠯᠢᠦ ᠱᠢ ᠱᠧᠩ᠂ ᠪᠦᠦ ᠵᠢᠶᠠᠨ ᠢ᠂ ᠳ᠋ᠦᠩ ᠵᠢᠶᠧ  ᠹᠧᠩ᠂ ᠸᠠᠩ ᠵᠢᠩ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠭ᠎ᠠ ᠶᠢᠨ ᠪᠦᠬᠦ ᠨᠠᠮ ᠤᠨ ᠭᠡᠰᠢᠭᠦᠨ ᠬᠤᠷᠠᠯ ᠳᠤ ᠣᠷᠣᠯᠴᠠᠪᠠ᠃
        ᠠᠭᠤᠯᠠ ᠵᠢᠭᠠᠵᠤ ᠭᠠᠷᠭᠠᠭᠰᠠᠨ ᠨᠢ᠂ ᠨᠢᠭᠡ ᠳᠤ ᠭᠤᠣᠯ ᠱᠤᠭᠤᠮ ᠢ ᠴᠢᠩᠭ᠎ᠠ ᠠᠳᠬᠤᠨ ᠰᠤᠷᠤᠯᠴᠠᠯᠭ᠎ᠠ ᠶᠢ ᠠᠳᠬᠤᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠡᠦᠬᠡ ᠶᠢ ᠰᠤᠷᠤᠯᠴᠠᠬᠤ ᠵᠣᠷᠢᠯᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠭᠤᠣᠯᠳᠠᠯᠭ᠎ᠠ ᠶᠢ ᠠᠳᠬᠤᠵᠤ᠂ ᠴᠢᠭᠯᠡᠯ ᠢᠶᠠᠨ ᠣᠨᠣᠪᠴᠢᠲᠠᠢ ᠡᠷᠢᠵᠦ᠂ ᠨᠠᠮ ᠤᠨ ᠲᠡᠦᠬᠡ ᠶᠢ ᠰᠤᠷᠤᠯᠴᠠᠬᠤ ᠶᠢᠨ ᠴᠢᠬᠤᠯᠠ ᠠᠭᠤᠯᠭ᠎ᠠ ᠪᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠨᠠᠮ ᠤᠨ ᠲᠡᠦᠬᠡ ᠶᠢᠨ ᠤᠶᠤᠨ ᠤᠬᠠᠭᠠᠨ ᠢ ᠭᠦᠨᠵᠡᠭᠡᠢ ᠰᠢᠩᠭᠡᠭᠡᠨ ᠠᠪᠴᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠠᠵᠢᠯ ᠳᠠᠭᠠᠨ ᠠᠭᠤᠰᠤᠯᠴᠠᠭᠤᠯᠤᠨ ᠰᠤᠷᠤᠯᠴᠠᠯᠭ᠎ᠠ ᠶᠢ ᠠᠳᠬᠤᠬᠤ ᠬᠡᠷᠡᠭᠲᠡᠢ᠃ ᠰᠤᠷᠤᠯᠴᠠᠬᠤ ᠨᠢ ᠳᠥᠭᠦᠮᠬᠡᠨ ᠢᠶᠠᠷ ᠨᠣᠮ ᠤᠩᠰᠢᠬᠤ᠂ ᠪᠢᠴᠢᠭ ᠮᠠᠲ᠋ᠧᠷᠢᠶᠠᠯ ᠤᠩᠰᠢᠬᠤ ᠶᠠᠪᠤᠳᠠᠯ ᠪᠢᠰᠢ᠂ ᠨᠡᠩ ᠴᠤ ᠵᠣᠭᠰᠣᠩᠭᠤᠶ ᠠᠷᠭ᠎ᠠ᠂ ᠥᠰᠬᠡᠭᠡᠨ ᠲᠥᠰᠬᠡᠭᠡᠨ ᠲᠠᠢ ᠶᠠᠷᠢᠬᠤ ᠶᠠᠪᠤᠳᠠᠯ ᠪᠢᠰᠢ᠂ ᠡᠷᠬᠡᠪᠰᠢ ᠨᠠᠮ ᠤᠨ ᠲᠡᠦᠬᠡ ᠶᠢᠨ ᠰᠤᠷᠤᠯᠴᠠᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠨᠤᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠲᠠᠢ ᠨᠢᠭᠲᠠ ᠤᠶᠠᠯᠳᠤᠭᠤᠯᠬᠤ ᠬᠡᠷᠡᠭᠲᠡᠶ᠃ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠤᠨᠤᠯ ᠢ ᠦᠢᠯᠡᠳᠦᠯᠭᠡ ᠲᠠᠢ ᠤᠶᠠᠯᠳᠤᠭᠤᠯᠬᠤ ᠰᠤᠷᠤᠯᠴᠠᠨ ᠰᠡᠳᠬᠢᠬᠦ ᠳᠤᠮᠳᠠ ᠠᠴᠠ ᠠᠷᠭ᠎ᠠ ᠪᠠ ᠬᠠᠷᠢᠭᠤᠯᠲᠠ ᠡᠷᠢᠪᠡ᠃ ᠭᠤᠷᠪᠠ ᠳᠤ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠵᠤ ᠪᠠᠶᠢᠭᠠᠳ ᠰᠤᠷᠤᠯᠴᠠᠯᠭ᠎ᠠ ᠶᠢ ᠠᠳᠬᠤᠬᠤ ᠬᠡᠷᠡᠭᠲᠡᠶ᠃ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠳᠠᠰᠢ ᠤᠷᠤᠭᠰᠢᠯᠠᠬᠤ ᠠᠩᠬᠠᠨ ᠤ ᠵᠢᠯ ᠮᠥᠨ᠂ ᠪᠠᠰᠠ ᠴᠤ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠡᠯ᠎ᠡ ᠵᠦᠢᠯ ᠤᠨ ᠡᠭᠦᠷᠭᠡ ᠴᠥᠮ ᠮᠠᠰᠢ ᠨᠦᠰᠡᠷ ᠬᠦᠨᠳᠦ ᠪᠠᠶᠢᠨ᠎ᠠ᠃ ᠤᠨᠤᠯ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠵᠣᠷᠢᠯᠭ᠎ᠠ ᠪᠣᠯ ᠤᠯᠠᠨ ᠢ ᠰᠤᠷᠤᠯᠴᠠᠯᠭ᠎ᠠ ᠪᠠᠷ ᠳᠠᠮᠵᠢᠭᠤᠯᠤᠨ ᠦᠵᠡᠯ ᠰᠠᠨᠠᠭ᠎ᠠ ᠪᠠᠨ ᠴᠢᠯᠥᠭᠡᠯᠡᠵᠦ᠂ ᠦᠵᠡᠯᠲᠡ ᠪᠠᠨ ᠬᠤᠪᠢᠷᠠᠭᠤᠯᠵᠤ᠂ ᠨᠡᠩ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ᠂ ᠨᠡᠩ ᠯᠠᠪᠳᠠᠭᠤᠨ ᠪᠠᠲᠤᠲᠠᠶ ᠪᠦᠲᠦᠮᠵᠢᠲᠡᠶ ᠪᠠᠷ ᠠᠵᠢᠯ ᠢᠶᠠᠨ ᠥᠷᠨᠢᠭᠦᠯᠦᠨ᠂ ︽ᠬᠢᠲᠤᠭ᠎ᠠ ᠪᠢᠯᠡᠭᠦᠳᠡᠬᠦ  ᠳᠤ ᠲᠦᠯᠡᠰᠢᠨ ᠤ ᠠᠵᠢᠯ ᠢ ᠰᠠᠭᠠᠲᠠᠭᠠᠬᠤ ᠦᠭᠡᠢ︾ ᠦᠷ᠎ᠡ ᠳ᠋ᠦᠩ ᠳᠤ ᠬᠦᠷᠭᠡᠬᠦ ᠶᠢᠨ ᠲᠥᠯᠥᠭᠡ ᠶᠤᠮ᠃ ᠪᠠᠶᠢᠭᠤᠯᠤᠯᠭ᠎ᠠ ᠶᠢᠨ ᠪᠦᠬᠦ ᠨᠠᠮ ᠤᠨ ᠭᠡᠰᠢᠭᠦᠨ ᠨᠥᠬᠦᠳ ᠠᠵᠢᠯ ᠢᠶᠠᠨ ᠰᠠᠶᠢᠲᠤᠷ ᠥᠷᠨᠢᠭᠦᠯᠬᠦ ᠶᠢᠨ ᠬᠠᠮᠲᠤ᠂ ᠰᠡᠳᠬᠢᠯ ᠲᠠᠯᠪᠢᠨ ᠰᠤᠷᠤᠯᠴᠠᠵᠤ᠂ ᠰᠡᠳᠬᠢᠯ ᠲᠠᠯᠪᠢᠨ ᠰᠡᠳᠬᠢᠵᠦ᠂ ᠰᠤᠷᠤᠯᠴᠠᠬᠤ ᠪᠠ ᠰᠣᠯᠢᠯᠴᠠᠬᠤ ᠳᠤᠮᠳᠠ ᠰᠡᠳᠬᠢᠬᠦᠢ ᠪᠠᠨ ᠬᠤᠪᠢᠷᠠᠭᠤᠯᠵᠤ᠂ ᠭᠠᠷᠳᠠᠴᠠ ᠪᠠᠨ ᠲᠣᠳᠣᠷᠬᠠᠶᠢᠯᠠᠵᠤ᠂ ᠠᠷᠭ᠎ᠠ  ᠬᠡᠮᠵᠢᠶ᠎ᠡ ᠪᠠᠨ ᠨᠠᠷᠢᠯᠢᠬᠵᠢᠭᠤᠯᠵᠤ᠂ ︽ᠰᠠᠭᠤᠷᠢ ᠨᠢ ᠰᠤᠷᠤᠯᠴᠠᠬᠤ ᠳᠤ ᠪᠤᠢ︾ ᠭᠡᠬᠦ ᠦᠷ᠎ᠡ ᠪᠦᠲᠦᠮᠵᠢ ᠶᠢ ︽ᠵᠠᠩᠭᠢᠯᠠᠭ᠎ᠠ ᠨᠢ ᠬᠢᠬᠦ ᠳᠤ ᠪᠤᠢ︾ ᠭᠡᠬᠦ ᠪᠣᠳᠠᠲᠠᠢ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠶᠢ ᠬᠦᠰᠡᠵᠦ ᠪᠠᠶᠢᠨ᠎ᠠ᠃     ᠬᠤᠷᠠᠯ ᠳᠡᠭᠡᠷ᠎ᠡ᠂ ᠳ᠋ᠦᠩ ᠵᠢᠶᠧ ᠹᠧᠩ᠂ ᠸᠠᠩ ᠠᠢ ᠮᠢᠩ᠂  ᠳᠡᠮᠡᠴᠡᠯᠳᠦ ᠨᠥᠬᠦᠷ ᠲᠤᠰ ᠲᠤᠰ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠠᠢ᠃    
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号