ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠮᠠᠨ ᠤ ᠬᠤᠲᠠ ᠳᠤ ᠢᠷᠡᠵᠦ ᠠᠵᠢᠯ ᠵᠢᠯᠣᠭᠤᠳᠬᠤ ᠶᠢᠨ ᠬᠠᠮᠲᠤ ᠦᠨᠳᠦᠰᠦᠨ ᠱᠠᠲᠤᠨ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2021/4/9
     4 ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠮᠠᠨ ᠤ ᠬᠤᠲᠠ ᠳᠤ ᠢᠷᠡᠵᠦ ᠠᠵᠢᠯ ᠵᠢᠯᠣᠭᠤᠳᠪᠠ᠃ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠶᠢᠨ ᠤᠤᠯ ᠤᠨ ᠪᠠᠶᠢᠴᠠᠭᠠᠨ ᠰᠤᠳᠤᠯᠤᠭᠴᠢ ᠬᠠᠳᠠ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠤᠯᠠᠭᠠᠨ ᠮᠠᠨ ᠤ ᠬᠤᠲᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠪᠡ᠃
          ᠬᠠᠳᠠ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠮᠠᠨ ᠤ ᠬᠤᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠨᠤᠲᠠᠯᠠᠬᠤ ᠶᠢᠨ ᠬᠠᠮᠲᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠬᠤ ᠴᠢᠬᠤᠯᠠᠲᠠᠢ ᠲᠠᠯ᠎ᠠ ᠪᠠᠷ ᠱᠠᠭᠠᠷᠳᠠᠯᠭ᠎ᠠ ᠳᠤᠷᠠᠳᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠬᠢᠴᠢᠶᠡᠯ ᠪᠣᠯᠭᠠᠵᠤ᠂ ᠪᠦᠬᠦ ᠨᠠᠮ ᠤᠨ ᠳᠣᠲᠣᠷ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠳᠤᠷᠠᠳᠤᠭᠰᠠᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠠᠨᠢᠬᠤ ᠬᠡᠷᠡᠭᠲᠡᠢ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠭᠯᠡᠯ ᠬᠠᠷᠠᠯᠲᠠ ᠶᠢ ᠪᠠᠲᠤ ᠡᠵᠡᠮᠳᠡᠵᠦ᠂ ᠨᠠᠮ ᠤᠨ ᠲᠥᠪ  ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠠᠴᠠ ᠲᠣᠭᠲᠠᠭᠠᠭᠰᠠᠨ ᠠᠷᠪᠠᠨ ᠲᠠᠯ᠎ᠠ ᠶᠢᠨ ᠨᠠᠮ ᠤᠨ ᠲᠡᠦᠬᠡ ᠶᠢᠨ ᠵᠠᠪᠠᠯ ᠰᠤᠷᠬᠤ ᠠᠭᠤᠯᠭ᠎ᠠ ᠲᠠᠢ ᠨᠠᠷᠢᠨ ᠬᠢᠨᠠᠮᠠᠭᠠᠢ ᠬᠠᠷᠢᠴᠠᠭᠤᠯᠵᠤ᠂ ᠲᠡᠦᠬᠡ ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠴᠤ ᠴᠢᠷᠮᠠᠶᠢᠨ ᠬᠡᠷᠡᠭᠵᠢᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ︔ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢ ᠪᠠᠷᠢᠮᠵᠢᠶᠠᠯᠠᠬᠤ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠤᠯᠴᠠᠪᠠᠯ ᠣᠯᠤᠯᠲᠠ ᠲᠠᠢ᠂ ᠰᠤᠷᠤᠯᠴᠠᠪᠠᠯ ᠳᠠᠪᠠᠭᠤᠯᠢᠭ ᠲᠠᠢ᠂ ᠰᠤᠷᠤᠯᠴᠠᠪᠠᠯ ᠠᠮᠵᠢᠯᠲᠠ ᠲᠠᠢ ᠪᠠᠶᠢᠬᠤ ᠶᠢ ᠪᠠᠲᠤᠯᠠᠬᠤ ᠬᠡᠷᠡᠭᠲᠡᠢ᠃    ᠤᠯᠠᠭᠠᠨ ᠬᠤᠲᠠ ᠶᠢᠨ ᠨᠠᠮ ᠤᠨ ᠬᠤᠷᠢᠶ᠎ᠠ ᠶᠢ ᠲᠥᠯᠥᠭᠡᠯᠡᠨ ᠵᠢᠯᠣᠭᠤᠳᠬᠤ ᠳᠤᠭᠤᠶᠢᠯᠠᠩ ᠤᠨ ᠰᠠᠨᠠᠯ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ᠂ ᠬᠠᠷᠠᠯᠲᠠ ᠡᠭᠦᠷᠭᠡ᠂ ᠭᠤᠣᠯᠳᠠᠯᠭ᠎ᠠ ᠲᠠᠢ ᠠᠭᠤᠯᠭ᠎ᠠ ᠪᠣᠯᠤᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠲᠠᠢ ᠨᠢᠭᠲᠠ ᠤᠶᠠᠯᠳᠤᠭᠤᠯᠤᠨ᠂ ᠪᠦᠬᠦ ᠲᠠᠯ᠎ᠠ ᠪᠠᠷ ᠪᠠᠷᠢᠮᠵᠢᠶ᠎ᠠ ᠳᠤ ᠲᠤᠯᠭᠠᠵᠤ᠂ ᠬᠤᠳᠠ ᠶᠢᠨ ᠨᠠᠮ ᠤᠨ ᠬᠤᠷᠢᠶᠠᠨ ᠤ ᠲᠣᠭᠲᠠᠭᠠᠭᠰᠠᠨ ᠪᠣᠳᠠᠲᠠᠢ ᠬᠡᠷᠡᠭᠵᠢᠭᠦᠯᠬᠦ ᠲᠥᠰᠦᠯ ᠶᠣᠰᠣᠭᠠᠷ᠂ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠰᠠᠶᠢᠲᠤᠷ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃       
        ᠬᠤᠷᠠᠯ ᠤᠨ ᠳᠠᠷᠠᠭ᠎ᠠ᠂ ᠵᠢᠯᠣᠭᠤᠳᠬᠤ ᠳᠤᠭᠤᠶᠢᠯᠠᠩ ᠤᠨ ᠬᠢᠨ ᠬᠤᠲᠠ ᠶᠢᠨ ᠠᠷᠠᠳ ᠤᠨ ᠰᠢᠭᠦᠬᠦ ᠬᠤᠷᠢᠶ᠎ᠠ᠂ ᠤᠮᠠᠷᠠᠲᠤ ᠬᠢᠯᠢ ᠶᠢᠨ ᠨᠡᠶᠢᠭᠡᠮ ᠲᠣᠭᠤᠷᠢᠭ᠂ ᠡᠷᠢᠶᠡᠨ ᠬᠤᠲᠠ ᠶᠢᠨ ᠬᠤᠤ ᠭᠠᠩ ᠵᠢᠮᠢᠰ ᠢᠳᠡᠰᠢᠨ ᠨᠣᠭᠤᠭ᠎ᠠ ᠠᠮᠤ ᠲᠣᠰᠣ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠦᠷᠢᠶᠡᠯᠡᠩ ᠲᠣᠭᠤᠷᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃      
        ᠡᠭᠦᠨ ᠤ ᠬᠠᠮᠲᠤ᠂ ᠬᠠᠳᠠ ᠨᠠᠷ ᠪᠠᠰᠠ ᠭᠠᠶᠢᠯᠢ ᠶᠢᠨ ᠶᠠᠪᠤᠳᠠᠯ ᠤᠨ ᠳᠣᠪᠴᠢᠶ᠎ᠠ᠂ ᠬᠡᠷᠡᠯᠳᠣᠠᠣᠳᠦ ᠰᠣᠮᠣ ᠳᠤ ᠭᠦᠨᠵᠡᠭᠡᠶᠢᠷᠡᠵᠦ᠂ ︽ᠬᠤᠪᠢᠰᠬᠠᠯ ᠤᠨ ᠭᠧᠨ ᠢ ᠵᠠᠯᠭᠠᠮᠵᠢᠯᠠᠵᠤ ᠬᠦᠴᠦᠨ ᠢᠶᠠᠨ ᠬᠠᠮᠲᠤᠳᠬᠠᠬᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠬᠠᠮᠲᠤᠳᠬᠠᠬᠤ — ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢ ᠬᠡᠷᠬᠢᠨ ᠰᠠᠶᠢᠲᠤᠷ ᠰᠤᠷᠤᠯᠴᠠᠬᠤ ᠲᠤᠬᠠᠢ ᠶᠠᠷᠢᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠨᠢᠭᠤᠷᠳᠠᠵᠤ᠂ ᠰᠡᠳᠬᠢᠯ ᠤᠨ ᠤᠭ ᠠᠴᠠ ᠪᠠᠨ ᠬᠠᠨᠳᠤᠵᠤ᠂ ᠦᠨᠡᠨ ᠪᠣᠳᠠᠲᠠᠢ ᠪᠠᠷ ᠬᠠᠷᠢᠭᠤᠯᠲᠠ ᠥᠭᠴᠡᠢ᠃    ᠬᠠᠳᠠ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ᠂ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠥᠩᠭᠡᠷᠡᠯᠲᠡ ᠪᠣᠯᠤᠨ ᠲᠡᠦᠬᠡᠲᠦ ᠴᠢᠨᠠᠷᠲᠠᠢ ᠬᠤᠪᠢ ᠨᠡᠮᠡᠷᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠭᠤᠣᠯᠳᠠᠯᠭ᠎ᠠ ᠶᠢ ᠲᠤᠪᠤᠶᠢᠯᠭᠠᠬᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠶᠠᠪᠤᠳᠠᠯ ᠢ ᠥᠷᠨᠢᠭᠦᠯᠬᠦ ᠶᠢᠨ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠵᠡᠷᠭᠡ ᠲᠦᠷᠪᠡᠨ ᠲᠠᠯ᠎ᠠ ᠪᠠᠷ ᠭᠦᠨᠵᠡᠭᠡᠢ ᠪᠥᠭᠡᠳ ᠠᠮᠢᠳᠤᠯᠢᠭ ᠤᠬᠠᠭᠤᠯᠤᠨ ᠲᠠᠶᠢᠯᠪᠤᠷᠢᠯᠠᠵᠠᠢ᠃ ᠤᠬᠠᠭᠤᠯᠤᠨ ᠲᠠᠶᠢᠯᠪᠤᠷᠢᠯᠠᠬᠤ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠭᠤᠣᠯᠳᠠᠯᠭ᠎ᠠ ᠨᠢ ᠲᠣᠪᠤᠶᠢᠮ᠎ᠠ᠂ ᠤᠯᠤᠰ ᠲᠥᠷᠥ ᠶᠢᠨ ᠥᠨᠳᠥᠷᠴᠡ ᠲᠠᠢ ᠮᠥᠷᠲᠡᠭᠡᠨ ᠣᠨᠣᠯ ᠤᠨ ᠭᠦᠨᠴᠡ ᠲᠠᠢ ᠪᠠᠶᠢᠵᠤ᠂ ᠮᠠᠨ ᠤ ᠬᠤᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠳᠡᠭᠡᠷᠡᠬᠢ ᠶᠡᠷᠦᠩᠬᠡᠶ ᠱᠦᠵᠢ ᠰᠢ ᠶᠢᠨ ᠫᠢᠩ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶ ᠣᠶᠢᠯᠠᠭᠠᠬᠤ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠨᠡᠨ ᠬᠦ ᠰᠠᠶᠢᠲᠤᠷ ᠠᠳᠬᠤᠬᠤ ᠳᠤ ᠴᠢᠬᠤᠯᠠ ᠶᠡᠭᠡ ᠵᠢᠯᠣᠭᠤᠳᠣᠯᠭ᠎ᠠ ᠪᠠ ᠦᠢᠯᠡᠳᠦᠯᠭᠡ ᠶᠢᠨ ᠠᠴᠢ ᠬᠤᠯᠪᠣᠭᠳᠠᠯ ᠲᠠᠢ ᠶᠤᠮ᠃    
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号