ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠬᠤ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2021/4/9
    2021 ᠣᠨ ᠠᠴᠠ ᠡᠬᠢᠯᠡᠨ᠂ ᠮᠠᠨ ᠤ ᠬᠤᠲᠠ ᠶᠢᠨ ᠡᠯ᠎ᠡ ᠱᠠᠲᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠵᠠᠯᠭᠠᠭ᠎ᠠ ᠪᠠᠷ ᠶᠠᠪᠤᠭᠳᠠᠭᠤᠯᠤᠨ᠎ᠠ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ᠂ ᠲᠦᠪ ᠴᠢᠭᠡᠴᠢ ᠬᠤᠭᠤᠴᠠᠭ᠎ᠠ ᠰᠣᠯᠢᠬᠤ ᠣᠷᠴᠢᠨ ᠨᠥᠬᠦᠴᠡᠯ ᠢ ᠪᠤᠢ ᠪᠣᠯᠭᠠᠬᠤ ᠶᠢᠨ ᠳᠣᠯᠠᠳᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠭᠤᠯᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠯᠤᠰ ᠤᠨ ᠬᠢᠨᠠᠨ ᠪᠠᠶᠢᠴᠠᠭᠠᠬᠤ ᠬᠤᠷᠢᠶᠠᠨ ᠤ ︽ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠮᠡᠳᠡᠭᠳᠡᠯ︾ ︵ᠲᠥᠪ ᠵᠣᠬᠢᠶᠠᠨ ᠪᠠᠶᠢᠭᠤᠯᠬᠤ ᠲᠠᠷᠬᠠᠭᠠᠭᠰᠠᠨ ﹇2021﹈ 2 ᠲᠣᠭᠠᠲᠤ︶ ᠳᠤ ᠳᠤᠷᠠᠳᠤᠭᠰᠠᠨ ︽ᠠᠷᠪᠠ ᠶᠢ ᠴᠢᠩᠭ᠎ᠠ ᠴᠠᠭᠠᠵᠠᠯᠠᠬᠤ︾ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠳᠣᠣᠷᠠᠬᠢ ᠮᠡᠲᠦ ᠵᠠᠷᠯᠠᠶ᠎ᠠ᠄ᠨᠢᠭᠡ᠂ ᠰᠦᠯᠪᠡᠭᠡ ᠪᠠᠶᠢᠭᠤᠯᠵᠦ ᠬᠤᠪᠢ ᠪᠠᠨ ᠪᠤᠷᠳᠤᠬᠤ ᠶᠢ ᠴᠢᠩᠭ᠎ᠠ ᠴᠠᠭᠠᠵᠠᠯᠠᠨ᠎ᠠ᠃ ᠳᠡᠭᠡᠭᠰᠢ ᠳᠣᠷᠣᠭᠰᠢ ᠰᠦᠯᠪᠡᠭᠡᠯᠡᠨ ᠬᠤᠯᠪᠤᠭᠠᠯᠠᠵᠦ᠂ ᠵᠢᠵᠢᠭ ᠪᠦᠯᠬᠦᠮ ᠪᠠᠶᠢᠭᠤᠯᠬᠤ᠂ ᠬᠦᠮᠦᠨ ᠢᠶᠠᠷ ᠬᠤᠪᠢᠶᠠᠷᠢᠯᠠᠵᠦ᠂ ᠳᠤᠲᠤᠨᠤ ᠶᠢᠨ ᠬᠦᠮᠦᠨ ᠢᠶᠠᠨ ᠲᠤᠮᠢᠯᠠᠵᠦ ᠦᠭᠡᠷ᠎ᠡ ᠪᠤᠰᠤᠳ ᠢ ᠭᠠᠳᠠᠭᠤᠷᠴᠢᠯᠠᠬᠤ ᠪᠠ ᠬᠤᠪᠢ ᠶᠢᠨ ᠬᠠᠮᠰᠠᠭᠠᠳᠠᠨ ᠢᠶᠠᠨ ᠪᠤᠵᠠᠭᠠᠶᠢᠷᠠᠭᠤᠯᠵᠦ ᠠᠰᠢᠭ ᠲᠣᠰᠠ ᠶᠢᠨ ᠪᠦᠯᠬᠦᠮ ᠪᠠᠶᠢᠭᠤᠯᠪᠠᠯ᠂ ᠴᠦᠮ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠢᠳᠭᠡᠯ ᠦᠭᠭᠦᠨ᠎ᠡ᠃ᠬᠤᠶᠠᠷ᠂ ᠪᠢᠯᠧᠲ ᠲᠠᠲᠠᠵᠦ ᠰᠣᠩᠭᠤᠭᠤᠯᠢ ᠳᠤ ᠬᠡᠬᠡᠯᠢ ᠲᠦᠯᠬᠢᠬᠦ ᠶᠢ ᠴᠢᠩᠭ᠎ᠠ ᠴᠠᠭᠠᠵᠠᠯᠠᠨ᠎ᠠ᠃ ᠳᠠᠶᠢᠯᠠᠯᠭ᠎ᠠ ᠬᠢᠬᠦ᠂ ᠬᠡᠷᠡᠭᠯᠡᠭᠡᠨ ᠤ ᠠᠵᠢᠯᠯᠠᠭ᠎ᠠ ᠲᠣᠬᠢᠷᠠᠭᠤᠯᠬᠤ᠂ ᠲᠦᠷᠭᠡᠨ ᠬᠦᠷᠭᠡᠯᠲᠡ ᠪᠠᠷ ᠭᠤᠪᠢᠭᠤᠯᠬᠤ᠂ ᠡᠯᠧᠺᠲᠷᠤᠨ ᠪᠡᠯᠡᠭ ᠤᠨ ᠪᠠᠭᠯᠠᠭ᠎ᠠ᠂ ᠰᠦᠯᠵᠢᠶ᠎ᠠ ᠪᠠᠷ ᠵᠣᠭᠤᠰ ᠰᠢᠯᠵᠢᠭᠦᠯᠬᠦ ᠵᠡᠷᠭᠡ ᠠᠷᠭ᠎ᠠ ᠪᠠᠷ ᠪᠡᠯᠡᠭ ᠰᠡᠯᠲᠡ ᠬᠦᠷᠬᠡᠬᠦ ᠵᠢᠴᠢ ᠣᠲᠠᠰᠣᠳᠠᠬᠤ ᠂ ᠴᠢᠮᠡᠭᠡ ᠢᠯᠡᠭᠡᠬᠦ᠂ ᠨᠢᠭᠤᠷᠳᠠᠨ ᠣᠴᠠᠷᠠᠬᠤ᠂ ᠪᠤᠰᠤᠳ ᠲᠤ ᠨᠠᠶᠢᠳᠠᠬᠤ ᠵᠠᠷᠭᠡ ᠠᠷᠭ᠎ᠠ ᠬᠡᠯᠪᠡᠷᠢ ᠪᠠᠷ ᠠᠷᠠᠳᠴᠢᠯᠠᠭᠰᠠᠨ ᠲᠠᠨᠢᠯᠴᠠᠭᠤᠯᠭ᠎ᠠ ᠪᠠ ᠰᠣᠩᠭᠤᠭᠤᠯᠢ ᠶᠢᠨ ᠠᠵᠢᠯ ᠤᠨ ᠳᠣᠮᠳᠠ ᠪᠢᠯᠧᠲ ᠳᠠᠳᠠᠬᠤ᠂ ᠬᠤᠯᠪᠤᠭᠠᠯᠠᠬᠤ ᠂ ᠰᠣᠩᠭᠤᠭᠤᠯᠢ ᠳᠤ ᠬᠠᠪᠰᠤᠷᠬᠤ ᠵᠡᠷᠭᠡ ᠵᠤᠬᠢᠶᠠᠨ ᠪᠠᠶᠢᠭᠤᠯᠤᠯᠳᠠ ᠶᠢᠨ ᠪᠤᠰᠤ ᠠᠵᠢᠯᠯᠠᠭ᠎ᠠ ᠲᠠᠢ ᠪᠤᠯ᠂ ᠴᠦᠮ ᠵᠢᠱᠢᠭᠳᠡᠭᠴᠢ ᠶᠢᠨ ᠨᠠᠷᠡᠰ ᠠᠴᠠ ᠭᠠᠷᠭᠠᠬᠤ ᠪᠤᠶᠤ ᠵᠢᠱᠢᠭᠳᠡᠭᠴᠢ ᠶᠢᠨ ᠬᠢᠷᠢ ᠬᠡᠮ ᠢ ᠨᠢ ᠦᠭᠡᠶᠢᠰᠭᠡᠵᠦ᠂ ᠪᠠᠶᠢᠳᠠᠯ ᠤᠨ ᠬᠦᠨᠳᠦ ᠬᠦᠩᠭᠡᠨ ᠢ ᠦᠵᠡᠵᠦ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠢᠳᠭᠡᠯ ᠦᠭᠴᠦ᠂ ᠰᠣᠩᠭᠤᠭᠤᠯᠢ ᠳᠤ ᠬᠡᠬᠡᠯᠢ ᠲᠦᠯᠬᠢᠭᠰᠡᠳ ᠢ ᠬᠠᠤᠯᠢ ᠶᠣᠰᠣᠭᠠᠷ ᠰᠢᠢᠳᠪᠦᠷᠢᠯᠡᠨ᠎ᠡ᠃ᠭᠤᠷᠪᠠ᠂ ᠲᠣᠰᠢᠶᠠᠯ ᠬᠤᠳᠠᠯᠳᠣᠭᠠᠯᠠᠬᠤ ᠶᠢ ᠴᠢᠩᠭ᠎ᠠ ᠴᠠᠭᠠᠵᠠᠯᠠᠨ᠎ᠠ᠃ ᠡᠷᠬᠡ ᠲᠤᠰᠢᠶᠠᠯ ᠤᠯᠬᠤ᠂ ᠲᠤᠰᠢᠶᠠᠯ ᠤᠨ ᠳᠡᠰ ᠣᠯᠭᠤᠮᠵᠢ ᠪᠠᠨ ᠳᠡᠭᠡᠭᠰᠢᠯᠡᠭᠦᠯᠬᠦ ᠵᠡᠷᠭᠡ ᠪᠠᠷ ᠬᠠᠷᠠᠯᠳᠠ ᠪᠤᠯᠭᠠᠵᠦ ᠪᠤᠰᠤᠳ ᠲᠤ ᠬᠡᠬᠡᠯᠢ ᠲᠦᠯᠬᠢᠬᠦ᠂ ᠪᠣᠰᠣᠳ ᠢ ᠬᠠᠪᠰᠣᠷᠣᠨ ᠡᠷᠬᠡ ᠲᠣᠰᠢᠶᠠᠯ ᠣᠯᠭᠤᠵᠦ᠂ ᠲᠤᠰᠢᠶᠠᠯ ᠤᠨ ᠳᠡᠰ ᠣᠯᠭᠤᠮᠵᠢ ᠶᠢ ᠨᠢ ᠳᠡᠭᠡᠭᠰᠢᠯᠡᠭᠦᠯᠵᠦ᠂ ᠬᠡᠬᠡᠯᠢ ᠬᠠᠭ᠋ᠤᠤᠯᠢ ᠠᠪᠣᠪᠠᠯ ᠴᠦᠮ ᠲᠤᠰᠢᠶᠠᠯ ᠠᠴᠠ ᠨᠢ ᠵᠤᠭᠰᠣᠭᠠᠬᠤ ᠪᠤᠶᠤ ᠲᠤᠰᠢᠶᠠᠯ ᠠᠴᠠ ᠨᠢ ᠣᠭᠴᠠᠷᠠᠭᠤᠯᠵᠦ᠂ ᠳᠦᠷᠢᠮ ᠲᠤᠭᠲᠠᠭᠠᠯ ᠰᠠᠬᠢᠯᠭ᠎ᠠ ᠪᠠᠲᠣ ᠬᠠᠤᠯᠢ ᠴᠠᠭᠠᠵᠠ  ᠶᠣᠰᠣᠭᠠᠷ ᠰᠢᠢᠳᠪᠦᠷᠢᠯᠡᠨ᠎ᠡ᠃ᠲᠦᠷᠪᠡ᠂ ᠲᠣᠰᠢᠶᠠᠯ ᠤᠨ ᠲᠦᠯᠦᠭᠡ ᠭᠦᠶᠦᠯᠳᠦᠬᠦ ᠶᠢ ᠴᠢᠩᠭ᠎ᠠ ᠴᠠᠭᠠᠵᠠᠯᠠᠨ᠎ᠠ᠃ ᠬᠠᠷᠢᠴᠠᠭ᠎ᠠ ᠪᠠᠶᠢᠭᠤᠯᠬᠤ ᠪᠣᠶᠣ ᠠᠯᠪᠠᠳᠠᠬᠤ ᠵᠡᠷᠭᠡ ᠠᠷᠭ᠎ᠠ ᠪᠠᠷᠢᠯ ᠢᠶᠠᠷ ᠡᠷᠬᠡ ᠲᠣᠰᠢᠶᠠᠯ ᠤᠯᠵᠦ᠂ ᠲᠣᠰᠢᠶᠠᠯ ᠤᠨ ᠳᠡᠰ ᠣᠯᠭᠤᠮᠵᠢ ᠪᠠᠨ ᠳᠡᠭᠡᠭᠰᠢᠯᠡᠭᠦᠯᠬᠦ ᠪᠠᠷ ᠣᠷᠣᠯᠳᠣᠪᠠᠯ ᠴᠦᠮ ᠳᠡᠪᠰᠢᠭᠦᠯᠵᠦ ᠪᠤᠯᠬᠤ ᠦᠭᠡᠢ ᠪᠤᠶᠤ ᠴᠢᠨᠠᠭᠰᠢᠳᠠ ᠬᠡᠷᠡᠭᠯᠡᠵᠦ ᠪᠤᠯᠬᠤ ᠦᠭᠡᠢ ᠪᠦᠭᠡᠳ ᠪᠠᠶᠢᠳᠠᠯ ᠤᠨ ᠬᠦᠨᠳᠦ ᠬᠦᠩᠬᠡᠨ ᠢ ᠦᠵᠡᠵᠦ ᠰᠢᠭᠦᠮᠵᠢᠯᠡᠨ ᠬᠦᠮᠦᠵᠢᠭᠦᠯᠬᠦ᠂ ᠵᠤᠬᠢᠶᠠᠨ ᠪᠠᠶᠢᠭᠤᠯᠤᠯᠳᠠ ᠠᠴᠠ ᠰᠢᠢᠳᠪᠦᠷᠢᠯᠡᠬᠦ ᠪᠤᠶᠤ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠢᠳᠭᠡᠯ ᠦᠭᠭᠦᠨ᠎ᠡ᠃ᠳᠠᠪᠤ᠂ ᠬᠤᠪᠢ ᠬᠦᠮᠦᠨ ᠤ ᠵᠠᠷᠯᠢᠭ ᠢ ᠴᠢᠩᠭ᠎ᠠ ᠴᠠᠭᠠᠵᠠᠯᠠᠨ᠎ᠠ᠃ ᠬᠤᠪᠢ ᠬᠦᠮᠦᠨ ᠨᠠᠮ ᠤᠨ ᠵᠣᠬᠢᠶᠠᠨ ᠪᠠᠶᠢᠭᠤᠯᠤᠯᠳᠠ ᠶᠢᠨ ᠬᠠᠮᠲᠤ ᠪᠠᠷ ᠰᠣᠳᠣᠯᠣᠭᠰᠠᠨ ᠲᠣᠭᠳᠠᠭᠠᠯ ᠢ ᠤᠷᠤᠯᠠᠨ ᠲᠣᠭᠳᠠᠭᠠᠬᠤ᠂ ᠵᠢᠭᠠᠪᠦᠷᠢ ᠦᠭᠬᠦ᠂ ᠳᠡᠯᠳᠠᠭᠤᠷ ᠵᠠᠬᠢᠬᠤ᠂  ᠨᠡᠷ᠎ᠡ ᠵᠢᠭᠠᠵᠦ ᠲᠣᠭᠳᠠᠭᠠᠬᠤ ᠵᠡᠷᠭᠡ ᠪᠠᠷ ᠵᠢᠱᠢᠭᠳᠡᠭᠴᠢ ᠶᠢ ᠲᠤᠬᠢᠷᠠᠭᠤᠯᠤᠭᠰᠠᠨ ᠪᠤᠯ᠂ ᠬᠤᠯᠪᠤᠭᠳᠠᠯ ᠪᠦᠬᠦᠢ ᠲᠤᠮᠢᠯᠠᠵᠦ ᠬᠡᠷᠡᠭᠯᠡᠬᠦ ᠲᠤᠭᠳᠠᠭᠠᠯ ᠢ ᠴᠦᠮ ᠦᠭᠡᠶᠢᠰᠭᠡᠬᠦ ᠶᠢᠨ ᠳᠠᠭᠠᠤ ᠬᠤᠯᠪᠤᠭᠳᠠᠯ ᠪᠦᠬᠦᠢ ᠤᠳᠤᠷᠢᠳᠣᠯᠭ᠎ᠠ ᠪᠠ ᠬᠠᠮᠢᠶ᠎ᠠ ᠪᠦᠬᠦᠢ ᠠᠵᠢᠯᠳᠠᠨ ᠠᠴᠠ ᠲᠦᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠨ᠎ᠡ᠃ᠵᠢᠷᠭᠤᠭ᠎ᠠ᠂ ᠳᠠᠯᠳᠠᠭᠤᠷ ᠵᠠᠬᠢᠵᠦ ᠰᠠᠨᠠᠭᠤᠯᠬᠤ ᠶᠢ ᠴᠢᠩᠭ᠎ᠠ ᠴᠠᠭᠠᠵᠠᠯᠠᠨ᠎ᠠ᠃ ᠪᠤᠰᠤᠳ ᠲᠤ ᠲᠠᠨᠢᠯᠴᠠᠭᠤᠯᠬᠤ᠂ ᠲᠤᠮᠢᠯᠠᠵᠦ ᠳᠡᠪᠰᠢᠭᠦᠯᠭᠦ ᠬᠠᠷᠢᠴᠠᠭ᠎ᠠ ᠶᠢ ᠰᠢᠯᠤᠭᠤᠳᠬᠠᠬᠤ᠂ ᠲᠣᠭᠳᠠᠭᠠᠯ ᠵᠦᠷᠢᠴᠡᠵᠦ ᠳᠣᠣᠷᠠᠳᠣ ᠱᠠᠳᠦ ᠪᠤᠶᠤ ᠤᠤᠯ ᠤᠨ ᠲᠤᠰᠢᠶᠠᠯ ᠡᠭᠦᠷᠭᠡᠯᠡᠵᠦ ᠪᠠᠶᠢᠭᠰᠠᠨ ᠭᠠᠵᠠᠷ ᠣᠷᠣᠨ ᠪᠠ ᠨᠢᠭᠡᠴᠡ ᠶᠢᠨ ᠺᠠᠳ᠋ᠷ ᠰᠣᠩᠭᠤᠨ ᠬᠡᠷᠡᠭᠯᠡᠬᠦ ᠶᠢ ᠬᠠᠷᠰᠢᠯᠠᠭᠰᠠᠨ ᠪᠤᠯ᠂ ᠴᠦᠮ ᠣᠳᠣᠷᠢᠳᠬᠤ ᠺᠠᠳ᠋ᠷ ᠳᠦᠷᠢᠮ ᠲᠤᠭᠳᠠᠭᠠᠯ ᠵᠦᠷᠢᠴᠡᠵᠦ ᠴᠢᠬᠤᠯᠠ ᠶᠡᠭᠡ ᠵᠦᠢᠯᠡᠰ ᠲᠤ ᠭᠠᠷ ᠲᠦᠷᠢᠭᠰᠡᠨ ᠭᠡᠷᠡᠭ ᠢᠶᠠᠷ ᠲᠡᠮᠳᠡᠭᠯᠡᠵᠦ᠂ ᠪᠠᠶᠢᠳᠠᠯ ᠤᠨ ᠬᠦᠨᠳᠦ ᠬᠦᠩᠬᠡᠨ ᠢ ᠦᠵᠡᠵᠦ ᠰᠢᠭᠦᠮᠵᠢᠯᠡᠨ ᠬᠦᠮᠦᠵᠢᠭᠦᠯᠬᠦ᠂ ᠵᠤᠬᠢᠶᠠᠨ ᠪᠠᠶᠢᠭᠤᠯᠤᠯᠳᠠ ᠠᠴᠠ ᠰᠢᠢᠳᠪᠦᠷᠢᠯᠡᠬᠦ ᠪᠤᠶᠤ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠢᠳᠭᠡᠯ ᠦᠭᠭᠦᠨ᠎ᠡ᠃ᠳᠣᠯᠤᠭ᠎ᠠ᠂ ᠳᠦᠷᠢᠮ ᠲᠤᠭᠳᠠᠭᠠᠯ ᠵᠦᠷᠢᠴᠡᠵᠦ ᠬᠦᠮᠦᠨ ᠭᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠬᠤᠭᠤᠴᠠᠭ᠎ᠠ ᠰᠣᠯᠢᠬᠤ ᠲᠣᠬᠢᠶᠠᠯ ᠢᠶᠠᠷ ᠺᠠᠳ᠋ᠷ ᠲᠤᠮᠢᠯᠠᠨ ᠲᠤᠬᠢᠷᠠᠭᠤᠯᠬᠤ᠂ ᠲᠤᠰᠢᠶᠠᠯ ᠤᠨ ᠲᠤᠭ᠎ᠠ ᠶᠢ ᠬᠡᠲᠦᠷᠡᠭᠦᠯᠵᠦ ᠺᠠᠳ᠋ᠷ ᠲᠤᠬᠢᠷᠠᠭᠤᠯᠬᠤ ᠪᠠ ᠳᠦᠷᠢᠮ ᠲᠣᠭᠳᠠᠭᠠᠯ ᠤᠨ ᠳᠡᠰ ᠳᠠᠷᠠᠭᠠᠯᠠᠯ ᠢ ᠵᠦᠷᠢᠴᠡᠵᠦ ᠺᠠᠳ᠋ᠷ ᠲᠤᠮᠢᠯᠠᠵᠦ ᠬᠡᠷᠡᠭᠯᠡᠭᠰᠡᠨ ᠢ ᠴᠦᠮ ᠨᠡᠶᠢᠳᠡᠯᠡᠨ ᠬᠦᠴᠦᠨ ᠦᠭᠡᠢ ᠪᠤᠯᠭᠠᠬᠤ ᠶᠢᠨ ᠳᠠᠭᠠᠣ ᠬᠤᠯᠪᠤᠭᠳᠠᠯ ᠪᠦᠬᠦᠢ ᠠᠵᠢᠯᠳᠠᠨ ᠢ ᠳᠦᠷᠢᠮ ᠲᠣᠭᠳᠠᠭᠠᠯ ᠰᠠᠬᠢᠯᠭ᠎ᠠ ᠪᠠᠲᠣ ᠶᠣᠰᠣᠭᠠᠷ ᠰᠢᠢᠳᠪᠦᠷᠢᠯᠡᠨ᠎ᠡ᠃ᠨᠠᠢᠮᠠ᠂ ᠰᠣᠷᠠᠭ ᠴᠢᠮᠡᠭᠡ ᠵᠠᠳᠠᠷᠠᠭᠤᠯᠬᠤ ᠶᠢ ᠴᠢᠩᠭ᠎ᠠ ᠴᠠᠭᠠᠵᠠᠯᠠᠨ᠎ᠠ᠃ ᠬᠤᠭᠤᠴᠠᠭ᠎ᠠ ᠰᠣᠯᠢᠬᠤ ᠠᠵᠢᠯᠳᠠᠨ ᠤ ᠶᠠᠪᠤᠳᠠᠯ ᠤᠨ ᠲᠤᠬᠢᠷᠠᠭᠤᠯᠤᠯᠳᠠ ᠵᠡᠷᠭᠡ ᠨᠢᠭᠤᠴᠠ ᠰᠣᠷᠠᠭ ᠴᠢᠮᠡᠭᠡ ᠶᠢ ᠵᠠᠳᠠᠷᠠᠭᠤᠯᠪᠠᠯ ᠬᠤᠯᠪᠤᠭᠳᠠᠯ ᠪᠦᠬᠦᠢ ᠠᠵᠢᠯᠳᠠᠨ ᠠᠴᠠ ᠴᠦᠮ ᠬᠠᠷᠢᠭᠤᠴᠠᠯᠭ᠎ᠠ ᠨᠡᠬᠡᠮᠵᠢᠯᠡᠨ᠎ᠡ᠃ᠶᠢᠰᠣ᠂ ᠬᠤᠳᠠᠯ ᠬᠠᠭᠤᠷᠮᠠᠭ ᠵᠤᠬᠢᠶᠠᠬᠤ ᠶᠢ ᠴᠢᠩᠭ᠎ᠠ ᠴᠠᠭᠠᠵᠠᠯᠠᠨ᠎ᠠ᠃ ᠺᠠᠳ᠋ᠷ ᠤᠨ ᠠᠵᠢᠯᠳᠠᠨ ᠤ ᠶᠠᠪᠣᠳᠠᠯ ᠤᠨ ᠳᠠᠩᠰᠠ ᠡᠪᠬᠡᠮᠡᠯ ᠢ ᠦᠭᠡᠷᠡᠴᠢᠯᠡᠵᠦ ᠬᠠᠭᠤᠷᠮᠠᠭ ᠵᠤᠬᠢᠶᠠᠬᠤ᠂ ᠬᠤᠭᠤᠴᠠᠭ᠎ᠠ ᠰᠣᠯᠢᠬᠤ ᠠᠵᠢᠯ ᠤᠨ ᠬᠢᠨᠠᠨ ᠰᠢᠯᠭᠠᠯᠳᠠ ᠳᠤ ᠦᠨᠡᠨ ᠪᠠᠶᠢᠳᠠᠯ ᠢ ᠳᠠᠯᠳᠠᠯᠠᠬᠤ ᠪᠤᠶᠤ ᠭᠠᠵᠢᠭᠤᠳᠠᠭᠤᠯᠤᠭᠰᠠᠨ ᠪᠤᠯ ᠴᠦᠮ ᠵᠠᠯᠠᠷᠠᠭᠤᠯᠬᠤ ᠶᠢᠨ ᠳᠠᠭᠠᠣ᠂ ᠪᠠᠶᠢᠳᠠᠯ ᠤᠨ ᠬᠦᠨᠳᠦ ᠬᠦᠩᠬᠡᠨ ᠢ ᠦᠵᠡᠵᠦ ᠬᠤᠯᠪᠤᠭᠳᠠᠯ ᠪᠦᠬᠦᠢ ᠠᠵᠢᠯᠳᠠᠨ ᠢ ᠵᠤᠬᠢᠶᠠᠨ ᠪᠠᠶᠢᠭᠤᠯᠤᠯᠳᠠ  ᠠᠴᠠ ᠰᠢᠢᠳᠪᠦᠷᠢᠯᠡᠬᠦ ᠪᠣᠶᠣ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠢᠳᠭᠡᠯ ᠦᠭᠭᠦᠨ᠎ᠡ᠃ᠠᠷᠪᠠ᠂ ᠬᠤᠭᠤᠴᠠᠭ᠎ᠠ ᠰᠣᠯᠢᠬᠤ ᠠᠵᠢᠯ ᠢ ᠬᠠᠷᠰᠢᠯᠠᠬᠤ ᠶᠢ ᠴᠢᠩᠭ᠎ᠠ ᠴᠠᠭᠠᠵᠠᠯᠠᠨ᠎ᠠ᠃ ᠬᠢᠯᠢ ᠶᠢᠨ ᠳᠣᠲᠣᠷ᠎ᠠ ᠭᠠᠳᠠᠨᠠᠬᠢ ᠳᠠᠶᠢᠰᠤᠩᠨᠠᠭᠴᠢ ᠬᠦᠴᠦᠨ ᠬᠤᠭᠤᠴᠠᠭ᠎ᠠ ᠰᠣᠯᠢᠬᠤ ᠠᠵᠢᠯ ᠢ ᠬᠠᠷᠰᠢᠯᠠᠬᠤ ᠶᠢ ᠴᠢᠩᠭ᠎ᠠ ᠰᠡᠷᠭᠡᠶᠢᠯᠡᠵᠦ ᠡᠷᠡᠰ ᠴᠤᠬᠢᠯᠳᠠ ᠦᠭᠭᠦᠨ᠎ᠡ᠃ ᠬᠠᠷ᠎ᠠ ᠪᠦᠯᠦᠭ ᠬᠠᠷᠬᠢᠰ ᠬᠦᠴᠦᠨ᠂ ᠰᠠᠳᠣᠨ ᠲᠦᠷᠦᠯ ᠤᠨ ᠬᠦᠴᠦᠨ᠂ ᠱᠠᠰᠢᠨ ᠰᠣᠷᠳᠠᠬᠤᠨ ᠤ ᠬᠦᠴᠦᠨ ᠤ ᠬᠤᠭᠤᠴᠠᠭ᠎ᠠ ᠰᠣᠯᠢᠬᠤ ᠰᠤᠩᠭᠤᠭᠤᠯᠢ ᠶᠢ ᠬᠠᠷᠰᠢᠯᠠᠬᠤ᠂ ᠳᠦᠷᠢᠮ ᠲᠣᠭᠳᠠᠭᠠᠯ ᠵᠦᠷᠢᠴᠡᠵᠦ ᠬᠢᠯᠢ ᠶᠢᠨ ᠭᠠᠳᠠᠨᠠᠬᠢ ᠪᠠᠶᠢᠭᠤᠯᠤᠮᠵᠢ᠂ ᠵᠤᠬᠢᠶᠠᠨ ᠪᠠᠶᠢᠭᠤᠯᠤᠯᠳᠠ᠂ ᠬᠤᠪᠢ ᠬᠦᠮᠦᠨ ᠤ ᠳᠡᠮᠵᠢᠯᠭᠡ ᠪᠤᠶᠤ ᠪᠤᠯᠪᠠᠰᠣᠷᠠᠯ ᠢ ᠬᠦᠯᠢᠶᠡᠬᠦ᠂ ᠠᠶᠤᠯᠭᠠᠬᠤ᠂ ᠮᠡᠬᠡᠯᠡᠬᠦ᠂ ᠠᠰᠢᠭ ᠢᠶᠠᠷ ᠲᠠᠲᠠᠬᠤ ᠵᠡᠷᠭᠡ ᠠᠷᠭ᠎ᠠ ᠪᠠᠷ ᠪᠤᠰᠤᠳ ᠤᠨ ᠰᠤᠩᠭᠤᠭᠤᠯᠢ ᠶᠢᠨ ᠡᠷᠬᠡ ᠪᠠᠨ ᠴᠢᠯᠦᠭᠡᠳᠠᠢ ᠬᠡᠷᠡᠭᠯᠡᠬᠦ ᠶᠢ ᠬᠠᠷᠰᠢᠯᠠᠬᠤ᠂ ᠴᠤᠤᠷᠬᠠᠯ ᠲᠠᠷᠬᠠᠭᠠᠬᠤ᠂ ᠬᠦᠳᠭᠡᠨ ᠬᠤᠤᠷᠯᠠᠬᠤ ᠪᠤᠶᠤ ᠦᠰᠢᠶ᠎ᠡ ᠠᠪᠣᠭᠰᠠᠳ ᠢ ᠴᠦᠮ ᠴᠢᠩᠭ᠎ᠠ ᠪᠠᠶᠢᠴᠠᠭᠠᠨ ᠰᠢᠢᠳᠭᠡᠵᠦ᠂ ᠬᠠᠤᠯᠢ ᠵᠦᠷᠢᠴᠡᠭᠰᠡᠨ ᠶᠠᠯ᠎ᠠ  ᠳᠤ ᠬᠤᠯᠪᠤᠭᠳᠠᠪᠠᠯ ᠬᠠᠣᠯᠢ ᠶᠤᠰᠤᠭᠠᠷ ᠬᠠᠣᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠪᠥᠬᠦ ᠬᠤᠲᠠ ᠶᠢᠨ ᠡᠯ᠎ᠡ ᠱᠠᠲᠤᠨ ᠤ ᠣᠳᠣᠷᠢᠳᠣᠯᠭ᠎ᠠ ᠺᠠᠳ᠋ᠷ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠲᠦᠷᠦᠭᠦᠯᠡᠨ ᠰᠠᠬᠢᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠥᠯᠢᠭᠡᠷ ᠳᠠᠭᠤᠷᠢᠶᠠᠯ ᠪᠣᠯᠵᠣ ᠂ ᠲᠦᠪ ᠴᠢᠬᠡᠴᠢ ᠤᠯᠤᠰ ᠲᠥᠷᠥ ᠶᠢᠨ ᠠᠮᠢ ᠠᠬᠤᠶ ᠶᠢ ᠴᠢᠷᠮᠠᠶᠢᠨ ᠪᠣᠶ ᠪᠣᠯᠭᠠᠬᠤ ᠬᠡᠷᠡᠭᠲᠡᠶ᠃     ᠥᠷᠭᠡᠨ ᠣᠯᠠᠨ ᠠᠷᠠᠳ ᠲᠦᠮᠡᠨ ᠤ ᠮᠠᠨ ᠤ ᠬᠤᠲᠠ ᠶᠢᠨ ᠬᠤᠭᠤᠴᠠᠭ᠎ᠠ ᠰᠣᠯᠢᠬᠤ ᠠᠵᠢᠯ ᠳᠤ ᠬᠢᠨᠠᠯᠲᠠ ᠲᠠᠯᠪᠢᠬᠤ ᠶᠢ ᠪᠠᠶᠠᠷᠯᠠᠨ ᠣᠭᠳᠣᠵᠣ ᠪᠠᠶᠢᠨ᠎ᠠ᠂ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠢ ᠳᠤᠨᠢ ᠵᠣᠬᠢᠶᠠᠨ ᠪᠠᠶᠢᠭᠤᠯᠤᠯᠲᠠ ᠳᠤ ᠮᠡᠳᠡᠭᠦᠯᠦᠭᠡᠷᠡᠢ᠃    ᠢᠯᠡᠴᠢᠯᠡᠨ ᠮᠡᠳᠡᠭᠦᠯᠬᠦ ᠬᠡᠯᠪᠡᠷᠢᠡᠷᠢᠶᠡᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯᠢᠯᠡᠴᠢᠯᠡᠨ ᠮᠡᠳᠡᠭᠦᠯᠬᠦ ᠤᠲᠠᠰᠤ᠄ 0479 — 7526300᠂ 15704796300ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠬᠦ ᠬᠠᠶ᠋ᠢᠭ᠄ http://neimeng.12388.gov.cnᠢᠯᠡᠴᠢᠯᠡᠨ ᠮᠡᠳᠡᠭᠦᠯᠬᠦ ᠵᠠᠬᠢᠳᠠᠯ ᠤᠨ ᠬᠠᠶ᠋ᠢᠭ᠄ ᠡᠷᠢᠶᠡᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠤᠷᠪᠤᠯᠵᠢᠯᠠᠭ᠎ᠠ ᠶᠢᠨ ᠲᠠᠰᠤᠭ ︵ᠡᠷᠢᠶᠡᠨ ᠬᠤᠲᠠ ᠶᠢᠨ ᠨᠠᠮ ᠵᠠᠰᠠᠭ ᠤᠨ 1  ᠳ᠋ᠣᠬᠡᠷ ᠠᠰᠠᠷ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠤᠷᠪᠤᠯᠵᠢᠯᠠᠭ᠎ᠠ ᠶᠢᠨ ᠲᠠᠰᠤᠭ 130 ᠲᠠᠰᠤᠭ᠂ ᠰᠢᠤᠳᠠᠨ ᠳ᠋ᠤᠭᠠᠷ᠄ 011100︶ᠡᠷᠢᠶᠡᠨ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰᠢᠯᠡᠴᠢᠯᠡᠨ ᠮᠡᠳᠡᠭᠦᠯᠬᠦ ᠤᠲᠠᠰᠤ᠄ 0479 — 12380ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶ᠋ᠢᠭ᠄ ᠡᠷᠢᠶᠡᠨ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠬᠥᠮᠦᠵᠢᠯ ᠤᠨ ᠬᠢᠨᠠᠨ ᠰᠢᠯᠭᠠᠵᠤ ᠬᠢᠨᠠᠯᠲᠠ ᠲᠠᠯᠪᠢᠬᠤ ᠰᠠᠯᠠᠭ᠎ᠠ 305 ᠲᠠᠰᠤᠭ ︵ᠡᠷᠢᠶᠡᠨ ᠬᠤᠲᠠ ᠶᠢᠨ ᠨᠠᠮ ᠵᠠᠰᠠᠭ ᠤᠨ 1 ᠳ᠋ᠣᠬᠡᠷ ᠠᠰᠠᠷ᠂ ᠰᠢᠤᠳᠠᠨ ᠳ᠋ᠤᠭᠠᠷ᠄ 011100︶                                                  ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠢᠶᠡᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ                                                        ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠢᠶᠡᠨ ᠬᠤᠲᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ                                                                                                                        ᠡᠷᠢᠶᠡᠨ ᠬᠤᠲᠠ ᠶᠢᠨ ᠬᠢᠨᠠᠨ ᠪᠠᠶᠢᠴᠠᠭᠠᠬᠤ ᠵᠥᠪᠯᠡᠯ                                                                                                                          2021 ᠣᠨ ᠤ 4 ᠰᠠᠷ᠎ᠠ ᠶᠢᠨ 6 ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号