ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠡᠭᠡᠯᠵᠢ ᠶᠢᠨ ᠪᠠᠶᠢᠩᠭᠤ ᠶᠢᠨ ᠲᠣᠭᠤᠷᠢᠨ ᠪᠠᠶᠢᠴᠠᠭᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/4/9
ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠡᠭᠡᠯᠵᠢ ᠶᠢᠨ ᠪᠠᠶᠢᠩᠭᠤ ᠶᠢᠨ ᠲᠣᠭᠤᠷᠢᠨ ᠪᠠᠶᠢᠴᠠᠭᠠᠬᠤ ᠠᠯᠪᠠᠨ ᠵᠠᠷᠯᠠᠯ           ︵2021 ᠣᠨ ᠤ 1 ᠳ᠋ᠣᠬᠡᠷ ᠳᠣᠭᠠᠳᠦ︶       ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠯᠳᠠ ᠶᠢ ᠨᠡᠶᠢᠳᠡᠮ ᠪᠦᠷᠬᠦᠭᠦᠯᠬᠦ ᠱᠠᠭᠠᠷᠳᠠᠯᠭ᠎ᠠ ᠶᠣᠰᠣᠭᠠᠷ᠂ 2021 ᠣᠨ ᠤ ᠳᠣᠭᠤᠷᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠢ ᠦᠨᠳᠦᠰᠦᠯᠡᠨ᠂ ᠬᠤᠲᠠ ᠶᠢᠨ ᠨᠠᠮ ᠤᠨ ᠬᠤᠷᠢᠶ᠎ᠠ ᠠᠴᠠ 2 ᠳᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠬᠡᠷ ᠵᠡᠷᠭᠡ 7 ᠰᠠᠯᠠᠭ᠎ᠠ ᠮᠥᠴᠢᠷ ᠲᠤ ᠪᠠᠶᠢᠩᠭᠤ ᠶᠢᠨ ᠳᠣᠭᠤᠷᠢᠨ ᠪᠠᠶᠢᠴᠠᠭᠠᠯᠲᠠ ᠥᠷᠨᠢᠭᠦᠯᠦᠨ᠂ ᠦᠷᠬᠡᠳᠬᠡᠬᠡᠳ ᠲᠥᠷᠥ ᠶᠢᠨ ᠪᠣᠳᠣᠯᠭ᠎ᠠ ᠰᠤᠳᠤᠯᠬᠤ ᠲᠠᠰᠤᠭ ᠵᠡᠷᠭᠡ 8 ᠪᠠᠶᠢᠭᠤᠯᠭ᠎ᠠ ᠨᠢᠭᠡᠴᠡ ᠳᠤ ᠳᠣᠭᠤᠷᠢᠨ ᠪᠠᠶᠢᠴᠠᠭᠠᠯᠳᠠ ᠬᠢᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄       ᠨᠢᠭᠡ᠂ ᠳᠣᠭᠤᠷᠢᠨ ᠪᠠᠶᠢᠴᠠᠭᠠᠬᠤ ᠴᠠᠭ ᠤᠨ ᠲᠣᠬᠢᠷᠠᠭᠤᠯᠤᠯᠲᠠ       2021 ᠣᠨ ᠤ 4 ᠰᠠᠷ᠎ᠠ ᠶᠢᠨ 1 ᠠᠴᠠ 2021 ᠣᠨ ᠤ 5 ᠰᠠᠷ᠎ᠠ ᠶᠢᠨ 25 ᠤ ᠡᠳᠦᠷ ᠪᠣᠯᠲᠠᠯ᠎ᠠ᠃       ᠬᠤᠶᠠᠷ᠂ ᠳᠣᠭᠤᠷᠢᠨ ᠪᠠᠶᠢᠴᠠᠭᠠᠬᠤ ᠭᠤᠣᠯ ᠡᠭᠦᠷᠭᠡ᠄      ᠭᠤᠣᠯ ᠡᠭᠦᠷᠭᠡ ᠶᠢᠨ ᠲᠣᠭᠤᠷᠢᠨ ᠳᠤ᠂ ᠬᠢᠨᠠᠯᠲᠠ ᠲᠠᠯᠪᠢᠬᠤ ᠭᠤᠣᠯᠳᠠᠯᠭ᠎ᠠ ᠲᠠᠢ ᠨᠢᠭᠲᠠ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠲᠠᠢ ᠬᠠᠷᠢᠴᠠᠭᠤᠯᠵᠤ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠲᠠᠢ ᠬᠠᠷᠢᠴᠠᠭᠤᠯᠵᠤ᠂ ᠨᠠᠮ ᠤᠨ ᠤᠨᠤᠯ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠬᠠᠷᠢᠴᠠᠭᠤᠯᠵᠤ᠂  ᠳᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠣᠯᠤᠨ ︽ᠭᠤᠷᠪᠠ ᠶᠢ ᠲᠣᠭᠲᠠᠭᠠᠬᠤ︾ ᠲᠥᠰᠦᠯ ᠲᠠᠢ ᠬᠠᠷᠢᠴᠠᠭᠤᠯᠵᠤ᠂ ︽ᠭᠤᠷᠪᠠ ᠳᠤ ᠠᠩᠬᠠᠷᠣᠯ ᠬᠠᠨᠳᠣᠭᠤᠯᠬᠤ︾ ᠲᠣᠭᠤᠷᠢᠨ ᠳᠤ ᠤᠯᠤᠰ ᠲᠦᠷᠦ ᠶᠢᠨ ᠬᠢᠨᠠᠯᠲᠠ ᠲᠠᠯᠪᠢᠬᠤ ᠠᠵᠢᠯ ᠢ ᠦᠷᠨᠢᠬᠦᠯᠦᠨ᠎ᠡ᠃ ᠨᠠᠮ ᠤᠨ ᠭᠡᠰᠢᠭᠦᠨ ᠺᠠᠳ᠋ᠷᠴᠤᠳ ᠤᠨ ᠬᠤᠳᠠ ᠶᠢᠨ ᠨᠠᠮ ᠤᠨ ᠬᠤᠷᠢᠶᠠᠨ ᠤ ᠭᠤᠣᠯ ᠡᠭᠦᠷᠭᠡ ᠶᠢ ᠨᠠᠶᠢᠳᠠᠪᠤᠷᠢᠵᠢᠭᠤᠯᠬᠤ ᠶᠠᠪᠤᠴᠠ ᠳᠤ ᠬᠠᠷᠢᠭᠤᠴᠠᠯᠭ᠎ᠠ ᠡᠭᠦᠷᠭᠡᠯᠡᠬᠦ ᠠᠴᠠ ᠠᠶᠤᠬᠤ᠂ ᠠᠵᠢᠯ ᠬᠢᠬᠦ ᠠᠴᠠ ᠵᠢᠷᠦᠬᠡᠰᠢᠶᠡᠬᠦ᠂ ᠠᠵᠢᠯ ᠢᠶᠠᠨ ᠤᠳᠠᠭᠠᠨ ᠬᠢᠬᠦ᠂ ᠳᠤᠷ᠎ᠠ ᠪᠠᠷ ᠢᠶᠠᠨ ᠠᠵᠢᠯ ᠬᠢᠬᠦ ᠠᠰᠠᠭᠤᠳᠠᠯ︔ ᠠᠵᠢᠯ ᠤᠨ ᠳᠤᠮᠳᠠ ᠪᠠᠨ ︽ᠬᠡᠯᠪᠡᠷᠢᠴᠢ ᠦᠵᠡᠯ᠂ ᠨᠣᠶᠠᠨᠴᠢ ᠰᠤᠷᠲᠠᠯ︾ ᠭᠠᠷᠭᠠᠬᠤ︔ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠡᠷᠬᠡ ᠪᠠᠨ ᠬᠡᠷᠡᠭᠯᠡᠬᠦ ᠶᠠᠪᠤᠴᠠ ᠳᠠᠬᠢ ︽ᠢᠳᠡᠬᠦ᠂ ᠠᠪᠬᠤ᠂ ᠭᠠᠴᠢᠭᠠᠬᠤ᠂ ᠰᠢᠬᠠᠮᠳᠠᠭᠤᠯᠬᠤ︾᠂ ︽ᠠᠭᠤᠯᠠ ᠳᠦᠰᠢᠵᠦ ᠣᠰᠦ ᠶᠢ ᠨᠢ ᠣᠣᠭᠤᠵᠦ︾ ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠶᠢ ᠬᠤᠬᠢᠷᠠᠭᠤᠯᠬᠤ ᠵᠡᠷᠭᠡ ᠢᠯᠵᠠᠷᠠᠯ ᠤᠨ ᠠᠰᠠᠭᠤᠳᠠᠯ ᠪᠠ ᠤᠯᠠᠨ ᠲᠦᠮᠡᠨ ᠳᠤ ᠦᠢᠯᠡᠴᠢᠯᠡᠬᠦ ᠳᠡᠭᠡᠨ ︽ᠬᠦᠢᠳᠡᠮᠰᠦᠭ᠂ ᠬᠡᠭᠵᠡᠬᠦᠨ᠂ ᠰᠢᠷᠦᠬᠦᠨ︾ ᠢᠶᠠᠷ ᠠᠵᠢᠯ ᠶᠠᠪᠤᠳᠠᠯ ᠬᠢᠬᠦ ᠳᠡᠭᠡᠨ ᠬᠤᠶᠢᠷᠭᠤᠰᠢᠬᠤ ᠵᠡᠷᠭᠡ ᠰᠤᠷᠲᠠᠯ ᠤᠨ ᠠᠰᠠᠭᠤᠳᠠᠯ︔ ᠨᠠᠮ ᠤᠨ ᠭᠡᠰᠢᠭᠦᠨ ᠺᠠᠳ᠋ᠷᠴᠤᠳ ᠤᠨ ᠤᠶᠤᠨ ᠰᠠᠨᠠᠭ᠎ᠠ ᠰᠤᠯᠠ ᠵᠠᠳᠠᠭᠠᠢ᠂ ᠢᠲᠡᠭᠡᠯ ᠪᠢᠰᠢᠷᠡᠯ ᠳᠤᠲᠠᠮᠠᠭ᠂ ᠱᠠᠰᠢᠨ ᠰᠤᠷᠲᠠᠬᠤᠨ ᠢ ᠰᠢᠲᠦᠬᠦ ᠵᠡᠷᠭᠡ ᠠᠰᠠᠭᠤᠳᠠᠯ   ᠢ ᠭᠤᠣᠯᠳᠠᠯᠭ᠎ᠠ ᠲᠠᠢ ᠪᠠᠷ ᠢᠯᠡᠷᠡᠬᠦᠯᠬᠦ ᠪᠠ ᠴᠡᠭᠴᠡᠯᠡᠨ ᠵᠠᠰᠠᠨ᠎ᠠ᠃ ᠭᠤᠷᠪᠠ᠂ ᠳᠣᠭᠤᠷᠢᠨ ᠪᠠᠶᠢᠴᠠᠭᠠᠬᠤ ᠳᠣᠭᠤᠶᠢᠯᠠᠩ ᠤᠨ ᠠᠵᠢᠯ ᠤᠨ ᠬᠤᠪᠢᠶᠠᠷᠢ ᠵᠢᠴᠢ ᠬᠠᠷᠢᠯᠴᠠᠬᠤ ᠠᠷᠭ᠎ᠠ ᠬᠡᠯᠪᠡᠷᠢ ᠳᠣᠭᠤᠷᠢᠨ ᠪᠠᠶᠢᠴᠠᠭᠠᠬᠤ ᠬᠤᠭᠤᠴᠠᠭᠠᠨ ᠳᠤ᠂ ᠥᠷᠭᠡᠨ ᠣᠯᠠᠨ ᠬᠤᠲᠠ ᠶᠢᠨ ᠠᠷᠠᠳ ᠪᠠ ᠺᠠᠳ᠋ᠷ ᠣᠯᠠᠨ ᠲᠦᠮᠡᠨ ᠤ ᠤᠲᠠᠰᠤ ᠢᠷᠡᠭᠦᠯᠵᠦ ᠰᠤᠷᠪᠤᠯᠵᠢᠯᠠᠬᠤ ᠪᠠᠷ ᠢᠷᠡᠭᠰᠡᠨ  ᠳᠣᠭᠤᠷᠢᠨ ᠪᠠᠶᠢᠴᠠᠭᠠᠬᠤ  ᠨᠢᠭᠡᠴᠡ ᠵᠢᠴᠢ ᠺᠠᠳ᠋ᠷᠴᠤᠳ ᠤᠨ ᠬᠠᠤᠯᠢ ᠴᠠᠭᠠᠵᠠ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠲᠤᠰᠬᠠᠬᠤ ᠶᠢ ᠪᠠᠶᠠᠷᠯᠠᠨ ᠤᠭᠲᠤᠵᠤ᠂  ᠳᠣᠭᠤᠷᠢᠨ ᠪᠠᠶᠢᠴᠠᠭᠠᠬᠤ ᠬᠦᠷᠢᠶ᠎ᠡ ᠬᠡᠪᠴᠢᠶᠡᠨ ᠳᠤ ᠬᠠᠮᠣᠷᠣᠭᠳᠠᠬᠤ ᠦᠭᠡᠶ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ  ᠰᠢᠢᠳᠪᠣᠷᠢᠯᠡᠬᠦᠯᠦᠨ᠎ᠡ᠃ᠡᠭᠦᠨ ᠤ ᠲᠤᠯᠠ ᠣᠨᠴᠠᠭᠠᠶᠢᠯᠠᠨ ᠵᠠᠷᠯᠠᠪᠠ᠃                                                                                             ᠬᠤᠳᠠ ᠶᠢᠨ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠬᠤ ᠠᠵᠢᠯ ᠤᠨ ᠣᠳᠣᠷᠢᠳᠬᠤ ᠳᠣᠭᠤᠶᠢᠯᠠᠩ ᠤᠨ ᠠᠯᠪᠠᠨ ᠬᠡᠷ                                                                                                                                                                                             2021 ᠣᠨ ᠤ 4 ᠰᠠᠷ᠎ᠠ ᠶᠢᠨ 1 ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号